ᠪᠡᠶ᠎ᠠ ᠶᠢᠨ ᠲᠠᠮᠢᠷ ᠪᠠ ᠵᠤᠭᠠᠴᠠᠯ ᠤᠨ ᠦᠢᠯᠡᠰ ᠤᠨ ᠠᠭᠤᠰᠤᠯᠴᠠᠯ ᠬᠦᠭᠵᠢᠯᠳᠠ ᠨᠢ ᠮᠠᠨ ᠤ ᠤᠷᠤᠨ ᠤ ᠵᠤᠭᠠᠴᠠᠯ ᠤᠨ ᠡᠬᠢᠪᠠᠶᠠᠯᠢᠭ ᠤᠨ ᠳᠠᠪᠠᠭᠤᠯᠢᠭ ᠢᠶᠠᠨ ᠬᠦᠢᠴᠠᠳ ᠪᠠᠳᠠᠷᠠᠭᠤᠯᠵᠤ᠂ ᠵᠤᠭᠠᠴᠠᠯ ᠤᠨ ᠦᠢᠯᠡᠰ ᠤᠨ ᠬᠦᠭᠵᠢᠯᠳᠠ ᠶᠢᠨ ᠪᠠᠶᠢᠷᠢᠲᠤᠬᠳᠠᠭᠠᠯᠳᠠ ᠪᠠᠨ ᠤᠨᠤᠪᠴᠢᠳᠠᠢ ᠲᠤᠬᠳᠠᠭᠠᠬᠤ ᠳᠤ ᠲᠤᠩ ᠶᠡᠭᠡ ᠠᠬᠢᠭᠤᠯᠬᠤ ᠦᠢᠯᠡᠳᠦᠯ ᠦᠵᠡᠭᠦᠯᠵᠤ ᠪᠤᠢ᠃

ᠮᠠᠨ ᠤ ᠤᠷᠤᠨ ᠪᠤᠯ ᠪᠡᠶ᠎ᠡ ᠶᠢᠨ ᠲᠠᠮᠢᠷ ᠪᠠ ᠰᠤᠶᠤᠯ ᠵᠤᠭᠠᠴᠠᠯ ᠤᠨ ᠡᠬᠢ ᠪᠠᠶᠠᠯᠢᠬ ᠢᠶᠠᠷ ᠡᠯᠪᠡᠭ ᠲᠡᠯᠪᠡᠭ ᠭᠠᠵᠠᠷ ᠤᠷᠤᠨᠪᠤᠯᠤᠨ᠎ᠠ᠃ ᠤᠢᠢᠷ᠎ᠠ ᠶᠢᠨ ᠵᠢᠯ ᠳᠤ᠂ ᠮᠠᠨ ᠤ ᠤᠷᠤᠨ ᠪᠡᠶ᠎ᠡ ᠶᠢᠨ ᠲᠠᠮᠢᠷ ᠤᠨ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠬᠡᠢ ᠲᠡᠭᠡᠭᠰᠢᠯᠡᠬᠦᠯᠵᠦ᠂ ᠪᠡᠶ᠎ᠡ ᠶᠢᠨ ᠲᠠᠮᠢᠷ ᠤᠨ ᠵᠤᠭᠠᠴᠠᠯ ᠤᠨᠪᠦᠲᠦᠭᠡᠭᠳᠡᠬᠦᠨ ᠢ ᠰᠤᠲᠤᠯᠤᠨ ᠨᠡᠭᠡᠭᠡᠵᠦ ᠲᠡᠯᠭᠡᠷᠡᠬᠦᠯᠬᠦ ᠬᠦᠴᠦᠯᠡᠴᠡ ᠪᠠᠨ ᠲᠠᠰᠤᠷᠠᠯᠲᠠ ᠦᠬᠡᠢ ᠨᠡᠮᠡᠭᠳᠡᠬᠦᠯᠵᠦ᠂ ᠪᠠᠶᠠᠯᠢᠭ ᠤᠯᠠᠨ ᠠᠭᠤᠯᠭ᠎ᠠ ᠲᠠᠢ ᠪᠡᠶ᠎ᠡ ᠶᠢᠨ ᠲᠠᠮᠢᠷ ᠤᠨ ᠵᠤᠭᠠᠴᠠᠯ ᠤᠨ ᠠᠵᠢᠯᠯᠠᠭ᠎ᠠ ᠪᠠ ᠪᠠᠶᠠᠷ ᠨᠠᠶᠢᠷ ᠢ ᠡᠷᠬᠢᠯᠡᠨ ᠶᠠᠪᠤᠭᠲᠠᠭᠤᠯᠤᠬᠰᠠᠨ ᠶᠤᠮ᠃  

1.jpg

ᠤᠬᠠᠭ᠎ᠠ ᠲᠠᠮᠢᠷ ᠢᠶᠠᠨ ᠰᠢᠯᠭᠠᠨ᠎ᠠ 

3.jpg

ᠦᠪᠡᠷᠳᠡᠭᠡᠨ ᠵᠠᠰᠠᠬᠤ ᠤᠷᠤᠨ ᠤ ᠬᠤᠷᠢᠨ ᠨᠠᠢᠮᠠᠲᠤᠭᠠᠷ ᠬᠤᠭᠤᠴᠠᠭᠠᠨ ᠤ ᠵᠤᠭᠠᠴᠠᠯ ᠤᠨ ᠨᠠᠭᠠᠲᠤᠮ ᠲᠡᠭᠡᠷ᠎ᠡ   

4.jpg

ᠪᠦᠷᠢᠶ᠎ᠡ ᠮᠠᠩᠬ᠎ᠠ ᠶᠢᠨ ᠵᠤᠭᠠᠴᠠᠯ ᠤᠨ ᠤᠷᠤᠨ ᠳᠤ ᠶᠠᠪᠤᠭᠲᠠᠭᠰᠠᠨ ᠲᠤᠮᠲᠠᠲᠦ ᠤᠯᠤᠰ ᠤᠨ ᠶᠡᠭᠡ ᠰᠤᠷᠭᠠᠭᠤᠯᠢ ᠶᠢᠨᠤᠶᠤᠲᠠᠳ ᠤᠨ ᠡᠯᠡᠰᠦ ᠮᠠᠩᠬᠠᠨ ᠳᠠᠬᠢ ᠠᠯᠠᠭᠠᠲᠠᠬᠤ ᠪᠦᠮᠪᠦᠭᠡ ᠶᠢᠨ ᠤᠷᠤᠯᠲᠤᠭᠠᠨ ᠲᠡᠭᠡᠷ᠎ᠡ

ᠤᠲᠤᠬᠠᠨ ᠳᠤ᠂ ᠪᠡᠶ᠎ᠡ ᠶᠢᠨ ᠲᠠᠮᠢᠷ ᠤᠨ ᠵᠤᠭᠠᠴᠠᠯ ᠨᠢ ᠨᠢᠬᠡᠨᠳᠡ ᠲᠡᠯᠡᠭᠡᠢ ᠶᠢᠨ ᠡᠯ᠎ᠡ ᠤᠯᠤᠰ ᠤᠨ ᠠᠩᠬᠠᠷᠤᠯ ᠢ ᠲᠠᠲᠠᠭᠰᠠᠨᠵᠤᠭᠠᠴᠠᠯ ᠤᠨ ᠲᠦᠷᠦᠯ ᠵᠦᠶ᠋ᠯ ᠪᠤᠯᠵᠦ᠂ ᠮᠠᠰᠢ ᠤᠯᠠᠨ ᠤᠯᠤᠰ ᠪᠡᠶ᠎ᠡ ᠶᠢᠨ ᠲᠠᠮᠢᠷ ᠤᠨ ᠵᠤᠭᠠᠴᠠᠯ ᠢ ᠨᠢᠬᠡᠨ ᠲᠦᠢᠯ ᠤᠨ ᠴᠢᠬᠤᠯᠠᠵᠤᠭᠠᠴᠠᠯ ᠤᠨ ᠲᠦᠷᠦᠯ ᠵᠦᠢᠯ ᠪᠤᠯᠭᠠᠨ ᠴᠢᠬᠤᠯᠠᠴᠢᠯᠠᠨ ᠦᠵᠡᠵᠦ ᠶᠡᠭᠡ ᠪᠠᠷ ᠲᠡᠮᠵᠢᠵᠦ ᠬᠦᠭᠵᠢᠬᠦᠯᠵᠦ ᠪᠤᠢ᠃ ᠤᠯᠠᠨ ᠤᠯᠤᠰ ᠤᠨᠬᠤᠯᠪᠤᠭᠠᠲᠦ ᠪᠠᠶᠢᠭᠤᠯᠭ᠎ᠠ ᠶᠢᠨ ᠲᠡᠯᠡᠭᠡᠢ ᠶᠢᠨ ᠵᠤᠭᠠᠴᠠᠯ ᠤᠨ ᠵᠤᠬᠢᠶᠠᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢ ᠦᠨᠲᠦᠰᠦᠯᠡᠪᠡᠯ᠂ ᠪᠡᠶ᠎ᠡ ᠶᠢᠨ ᠲᠠᠮᠢᠷ ᠤᠨ ᠵᠤᠭᠠᠴᠠᠯ ᠨᠢ ᠵᠢᠯ ᠪᠦᠷᠢ 14% ᠪᠠᠷ ᠨᠡᠮᠡᠭᠳᠡᠵᠦ᠂ ᠪᠦᠬᠦ ᠪᠦᠮᠪᠦᠷᠴᠡᠭ ᠤᠨ ᠵᠤᠭᠠᠴᠠᠯ ᠤᠨ ᠵᠠᠬ᠎ᠠ ᠲᠡᠯᠭᠡᠬᠦᠷ ᠲᠤᠲᠤᠷᠠᠬᠢ ᠨᠡᠮᠡᠭᠳᠡᠯ ᠢᠶᠠᠷ ᠬᠠᠮᠤᠭ ᠤᠨ ᠲᠦᠷᠭᠡᠨ ᠠᠵᠢᠯ ᠲᠦᠷᠦᠯ ᠪᠤᠯᠤᠬᠰᠠᠨ ᠪᠠᠶᠢᠨ᠎ᠠ᠃

ᠪᠡᠶ᠎ᠡ ᠶᠢᠨ ᠲᠠᠮᠢᠷ ᠨᠢ ᠵᠤᠭᠠᠴᠠᠯ ᠤᠨ ᠠᠵᠦ ᠦᠢᠯᠡᠰ ᠤᠨ ᠬᠡᠯᠬᠢᠶᠡᠵᠢᠯ ᠲᠤᠲᠤᠷᠠᠬᠢ ᠲᠤᠲᠠᠭᠲᠠᠵᠦ ᠪᠤᠯᠤᠰᠢ ᠦᠬᠡᠢ ᠨᠢᠬᠡᠨᠠᠭᠤᠯᠭ᠎ᠠ ᠪᠠᠶᠢᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠪᠠ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠨᠢᠪᠦᠬᠦ᠋ᠢᠯᠡ ᠠᠵᠦ ᠦᠢᠯᠡᠰ ᠤᠨ ᠬᠦᠭᠵᠢᠯᠳᠡ ᠳᠤ ᠯᠤᠲᠦ ᠶᠡᠭᠡ ᠬᠦᠳᠡᠯᠭᠡᠬᠦ ᠬᠦᠴᠦᠨ ᠢ ᠠᠪᠴᠢᠷᠠᠬᠤ ᠪᠤᠯᠤᠨ᠎ᠠ᠃

ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠵᠦ᠂ ᠤᠯᠠᠨ ᠲᠦᠮᠡᠨᠴᠢᠯᠡᠭᠰᠡᠨ ᠵᠤᠭ᠎ᠠ ᠰᠡᠯᠡᠬᠦᠴᠡᠯ ᠢ ᠪᠦᠬᠦ ᠬᠦᠴᠦᠨ ᠢᠶᠠᠷ ᠢᠶᠠᠨᠬᠦᠭᠵᠢᠬᠦᠯᠵᠦ ᠪᠠᠶᠢᠭ᠎ᠠ ᠶᠡᠭᠡ ᠤᠷᠴᠢᠨ ᠳᠤ᠂ ᠮᠠᠨ ᠤ ᠤᠷᠤᠨ ᠪᠡᠶ᠎ᠡ ᠶᠢᠨ ᠲᠠᠮᠢᠷ ᠤᠨ ᠵᠤᠭᠠᠴᠠᠯ ᠤᠨ ᠪᠦᠲᠦᠭᠡᠭᠳᠡᠬᠦᠨ ᠤ ᠪᠠᠨ ᠲᠠᠲᠠᠬᠤᠬᠦᠴᠦᠨ ᠢ ᠨᠡᠮᠡᠭᠳᠡᠬᠦᠯᠦᠨ᠂ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠡᠷᠴᠢᠮᠵᠢᠬᠦᠯᠦᠨ᠂ ᠵᠤᠭᠠᠴᠠᠯ ᠤᠨ ᠲᠦᠷᠦᠯ ᠲᠡᠮᠳᠡᠭ ᠢᠶᠠᠨ ᠨᠡᠩ ᠠᠯᠲᠠᠷᠰᠢᠭᠤᠯᠵᠦ ᠪᠠᠶᠢᠨ᠎ᠠ ᠁


ᠵᠤᠭᠠᠴᠠᠯ ᠤᠨ ᠪᠦᠲᠦᠭᠡᠭᠳᠡᠬᠦᠨ ᠤ ᠲᠠᠲᠠᠬᠤ ᠬᠦᠴᠦᠨ ᠴᠢᠩᠭᠠᠷᠠᠯ᠎ᠠ


ᠪᠡᠶ᠎ᠡ ᠶᠢᠨ ᠲᠠᠮᠢᠷ ᠢ ᠭᠡᠷᠬᠢᠨ ᠵᠤᠭᠠᠴᠠᠯ ᠤᠨ ᠦᠢᠯᠡᠰ ᠲᠠᠢ ᠠᠭᠤᠰᠤᠯᠴᠠᠭᠤᠯᠵᠦ᠂ ᠵᠤᠭᠠᠴᠠᠯ ᠤᠨ ᠦᠢᠯᠡᠰ ᠢ ᠬᠦᠭᠵᠢᠬᠦᠯᠬᠦ ᠲᠠᠪᠠᠭᠤᠯᠢᠬ ᠪᠤᠯᠭᠠᠬᠤ ᠪᠤᠢ︖ 2017 ᠤᠨ ᠳᠤ ᠨᠡᠶᠢᠳᠡᠯᠡᠭᠳᠡᠭᠰᠡᠨ ᠦᠪᠡᠷᠳᠡᠭᠡᠨ ᠵᠠᠰᠠᠬᠤ ᠤᠷᠤᠨ ᠤ 《ᠪᠡᠶ᠎ᠡ ᠴᠢᠬᠢᠷᠠᠬᠵᠢᠭᠤᠯᠬᠤᠵᠤᠭ᠎ᠠ ᠰᠡᠯᠡᠬᠦᠴᠡᠯ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠬᠦ ᠲᠤᠬᠠᠢ ᠭᠡᠷᠡᠭᠵᠢᠬᠦᠯᠬᠦ ᠰᠠᠨᠠᠯ》 ᠳᠤ᠂ ᠮᠠᠨ ᠤ ᠤᠷᠤᠨᠪᠡᠶ᠎ᠡ ᠶᠢᠨ ᠲᠠᠮᠢᠷ ᠤᠨ ᠵᠤᠭᠠᠴᠠᠯ ᠤᠨ ᠠᠵᠦ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠪᠡᠶ᠎ᠡ ᠶᠢᠨ ᠲᠠᠮᠢᠷ ᠤᠨ ᠵᠤᠭᠠᠴᠠᠯ ᠤᠨ ᠵᠢᠱᠢᠶ᠎ᠡ ᠦᠵᠡᠬᠦᠯᠬᠦ ᠢᠨᠵᠧᠨᠧᠷᠢᠩ ᠢ ᠭᠡᠷᠡᠭᠵᠢᠬᠦᠯᠵᠦ᠂ ᠪᠡᠶ᠎ᠡ ᠶᠢᠨ ᠲᠠᠮᠢᠷ᠂ ᠵᠤᠭᠠᠴᠠᠯ ᠤᠨ ᠠᠵᠦ ᠦᠢᠯᠡᠰ ᠤᠨ ᠬᠦᠨᠵᠡᠭᠡᠢᠠᠭᠤᠰᠤᠯᠴᠠᠯ ᠢ ᠠᠬᠢᠭᠤᠯᠤᠨ᠎ᠠ ᠭᠡᠵᠦ ᠲᠤᠲᠤᠷᠬᠠᠢ ᠲᠤᠷᠠᠲᠤᠭᠰᠠᠨ ᠪᠠᠶᠢᠨ᠎ᠠ᠃

ᠪᠡᠶ᠎ᠡ ᠶᠢᠨ ᠲᠠᠮᠢᠷ ᠤᠨ ᠵᠤᠭᠠᠴᠠᠯ ᠪᠤᠯ ᠪᠡᠶ᠎ᠡ ᠶᠢᠨ ᠲᠠᠮᠢᠷ ᠪᠠ ᠵᠤᠭᠠᠴᠠᠯ ᠤᠨ ᠬᠠᠷᠢᠯᠴᠠᠨ ᠰᠤᠯᠪᠢᠴᠠᠯ ᠬᠠᠷᠢᠯᠴᠠᠨ ᠨᠡᠪᠴᠢᠯᠳᠡ ᠠᠴᠠ ᠪᠤᠢ ᠪᠤᠯᠤᠬᠰᠠᠨ ᠰᠢᠨ᠎ᠡ ᠬᠦᠷᠢᠶ᠎ᠡ ᠴᠠᠷᠠᠭ᠎ᠠ ᠪᠤᠯᠤᠨ᠎ᠠ᠃ ᠡᠨᠡ ᠵᠢᠯ ᠤᠨ 《10 · 1》 ᠤ ᠠᠮᠠᠷᠠᠯᠲᠠ ᠳᠤ᠂ᠵᠢᠯ ᠳᠤ ᠨᠢᠬᠡ ᠤᠲᠠᠭ᠎ᠠ ᠶᠠᠪᠤᠭᠲᠠᠲᠠᠭ 《ᠭᠡᠭᠡᠷᠡᠯᠡᠨ ᠲᠠᠪᠬᠢᠬᠤ e ᠲᠦᠷᠦᠯ ᠤᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ》 ᠨᠢᠨᠠᠮᠤᠷ ᠤᠨ ᠤᠯᠠᠷᠢᠯ ᠤᠨ ᠭᠤᠪᠢ ᠨᠤᠲᠤᠭ ᠢ ᠬᠦᠷ ᠬᠦᠭᠵᠢᠶᠡᠨ ᠢᠶᠠᠷ ᠪᠢᠯᠬᠠᠭᠤᠯᠵᠦ᠂ ᠠᠯᠠᠱᠠ ᠠᠶᠢᠮᠠᠭ ᠤᠨ ᠵᠤᠭᠠᠴᠠᠯ ᠤᠨ ᠵᠠᠬ᠎ᠠ ᠲᠡᠯᠭᠡᠬᠦᠷ ᠢ ᠬᠦᠭᠵᠢᠭᠡᠵᠡᠢ᠃ ᠠᠯᠠᠱᠠ ᠠᠶᠢᠮᠠᠬ ᠤᠨ ᠵᠤᠭᠠᠴᠠᠯ ᠤᠨ ᠬᠦᠭᠵᠢᠬᠦᠯᠦᠯᠳᠡ ᠶᠢᠨ ᠵᠦᠪᠯᠡᠯ ᠤᠨ ᠲᠤᠭ᠎ᠠ ᠪᠦᠷᠢᠳᠭᠡᠯ ᠢᠦᠨᠲᠦᠰᠦᠯᠡᠪᠡᠯ᠂ 《10 · 1》 ᠤ ᠠᠮᠠᠷᠠᠯᠲᠠ ᠶᠢᠨ 7 ᠡᠲᠦᠷ ᠲᠤ᠂ ᠪᠦᠬᠦ ᠠᠶᠢᠮᠠᠬ ᠢᠶᠠᠷ ᠢᠶᠠᠨ ᠨᠡᠶᠢᠳᠡ 381 ᠲᠦᠮᠡᠨ ᠬᠦᠮᠦᠨᠤᠲᠠᠭᠠᠨ ᠤ ᠵᠤᠭᠠᠴᠠᠬᠰᠠᠳ ᠢ ᠬᠦᠯᠢᠶᠡᠨ ᠠᠪᠴᠦ᠂ 26.94 ᠳ᠋ᠦᠡᠭᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠡᠬᠦᠲᠦᠭᠰᠡᠨ ᠪᠠᠶᠢᠨ᠎ᠠ᠂ ᠡᠨᠡ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10% ᠪᠠ 5% ᠪᠠᠷ ᠨᠡᠮᠡᠭᠳᠡᠭᠰᠡᠨ ᠪᠠᠶᠢᠨ᠎ᠠ᠃

《ᠤᠢᠢᠷ᠎ᠠ ᠶᠢᠨ ᠬᠤᠶᠠᠷ ᠵᠢᠯ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠨᠢ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨᠵᠤᠭᠠᠴᠠᠯ ᠤᠨ ᠪᠦᠲᠦᠭᠡᠭᠳᠡᠬᠦᠨ ᠤ ᠨᠠᠷ᠎ᠠ ᠠᠯᠲᠠᠷ ᠢ ᠠᠯᠲᠠᠷᠰᠢᠭᠤᠯᠤᠯ᠎ᠠ᠃ ᠵᠢᠯ ᠪᠦᠷᠢ ᠵᠠᠭᠤᠨ ᠲᠦᠮᠡ ᠭᠠᠷᠤᠢ ᠬᠦᠮᠦᠰ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠵᠤᠭᠠᠴᠠᠯ ᠤᠨ ᠨᠢᠬᠡᠨ ᠦᠵᠡᠮᠵᠢ ᠶᠢᠨ ᠱᠤᠭᠤᠮ ᠪᠤᠯᠤᠬᠰᠠᠨ 》ᠭᠡᠵᠦᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ ᠡᠦ ᠭᠠᠩ ᠶᠠᠷᠢᠨ᠎ᠠ᠃

《ᠦᠪᠦᠷ ᠮᠤᠩᠭᠤᠯ (ᠤᠯᠠᠨ ᠤᠯᠤᠰ) ᠤᠨ ᠮᠤᠷᠢᠨ ᠮᠡᠷᠭᠡᠵᠢᠯ ᠤᠨ ᠨᠠᠶᠢᠷ》ᠪᠤᠯ ᠦᠪᠡᠷᠳᠡᠭᠡᠨ ᠵᠠᠰᠠᠬᠤ ᠤᠷᠤᠨ ᠤ ᠪᠠᠶ᠎ᠡ ᠶᠢᠨ ᠲᠠᠮᠢᠷ ᠤᠨ ᠲᠤᠪᠴᠢᠶᠠᠨ ᠠᠴᠠ ᠭᠤᠤᠯᠯᠠᠨ ᠡᠷᠬᠢᠯᠡᠵᠦ ᠪᠠᠶᠢᠭ᠎ᠠ᠂ ᠵᠢᠯ ᠳᠤ ᠨᠢᠬᠡ ᠤᠲᠠᠭ᠎ᠠ ᠶᠠᠪᠤᠭᠲᠠᠲᠠᠭ ᠲᠤᠮᠤᠬᠡᠪᠴᠢᠶᠡᠨ ᠤ ᠪᠡᠶ᠎ᠡ ᠶᠢᠨ ᠲᠠᠮᠢᠷ ᠤᠨ ᠵᠤᠭᠠᠴᠠᠯ ᠤᠨ ᠪᠠᠶᠠᠷ ᠨᠠᠶᠢᠷ ᠤᠨ ᠠᠵᠢᠯᠯᠠᠭ᠎ᠠ ᠪᠤᠯᠤᠨ᠎ᠠ᠃ 2017 ᠤᠨ ᠳᠤ ᠤᠯᠤᠰ ᠤᠨᠪᠡᠶ᠎ᠡ ᠶᠢᠨ ᠲᠠᠮᠢᠷ ᠤᠨ ᠲᠤᠪᠴᠢᠶ᠎ᠠ ᠪᠠ ᠤᠯᠤᠰ ᠤᠨ ᠵᠤᠭᠠᠴᠠᠯ ᠤᠨ ᠲᠤᠪᠴᠢᠶᠠᠨ ᠠᠴᠠ 《ᠦᠪᠦᠷ ᠮᠤᠩᠭᠤᠯ (ᠤᠯᠠᠨ ᠤᠯᠤᠰ) ᠤᠨᠮᠤᠷᠢᠨ ᠮᠡᠷᠭᠡᠵᠢᠯ ᠤᠨ ᠨᠠᠶᠢᠷ》 ᠲᠤ 《ᠤᠯᠤᠰ ᠤᠨ ᠪᠡᠶ᠎ᠡ ᠶᠢᠨ ᠲᠠᠮᠢᠷ ᠤᠨ ᠵᠤᠭᠠᠴᠠᠯ ᠤᠨ ᠰᠢᠯᠢᠳᠡᠭ ᠤᠷᠤᠯᠲᠤᠭᠠᠨ》 ᠭᠡᠬᠦ ᠢᠷᠠᠭᠤᠠᠯᠲᠠᠷ ᠢ ᠬᠦᠷᠳᠡᠭᠡᠵᠡᠢ᠃ ᠲᠤᠰ ᠨᠠᠶᠢᠷ ᠨᠢ ᠮᠦᠨ ᠦᠪᠦᠷ ᠮᠤᠩᠭᠤᠯ ᠤᠨ ᠭᠠᠵᠠᠷ ᠤᠷᠤᠨ ᠤ ᠤᠨᠴᠠᠯᠢᠬᠲᠦ ᠪᠡᠶ᠎ᠡ ᠶᠢᠨ ᠲᠠᠮᠢᠷ ᠤᠨᠵᠤᠭᠠᠴᠠᠯ ᠤᠨ ᠪᠦᠲᠦᠭᠡᠭᠳᠡᠬᠦᠨ ᠤ ᠬᠤᠪᠢ ᠪᠠᠷ᠂ ᠠᠮᠧᠷᠢᠺᠠ ᠶᠢᠨ ᠨᠢᠦ᠋ ᠶᠤᠷᠺ ᠤᠨ Times ᠲᠠᠯᠠᠪᠠᠢ ᠳᠤ ᠠᠯᠲᠠᠷ ᠨᠡᠷ᠎ᠡ ᠪᠠᠨᠭᠠᠶᠢᠬᠠᠭᠤᠯᠤᠬᠰᠠᠨ ᠪᠢᠯᠡ᠃ 

5.jpg

ᠪᠠᠲᠠᠢ ᠶᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ ᠭᠤᠷᠪᠠᠨ ᠶᠡᠭᠡ ᠡᠯᠡᠰᠦ ᠪᠠᠷ ᠢᠶᠠᠨ ᠠᠯᠲᠠᠷᠰᠢᠬᠰᠠᠨ ᠠᠯᠠᠱᠠ ᠨᠤᠲᠤᠭ ᠨᠢᠭᠤᠪᠢ ᠨᠤᠲᠤᠭ ᠤᠨ ᠦᠵᠡᠮᠵᠢ ᠪᠠᠷ ᠢᠶᠠᠨ ᠬᠦᠮᠦᠰ ᠤᠨ ᠠᠩᠬᠠᠷᠤᠯ ᠢ ᠲᠠᠲᠠᠭᠰᠠᠨ ᠶᠤᠮ᠃ ᠪᠡᠶ᠎ᠡ ᠶᠢᠨ ᠲᠠᠮᠢᠷ ᠤᠨ ᠠᠵᠦ ᠦᠢᠯᠡᠰ ᠤᠨᠬᠦᠭᠵᠢᠯᠳᠡ ᠶᠢ ᠲᠠᠭᠠᠯᠲᠤᠨ᠂ ᠠᠯᠠᠱᠠ ᠠᠶᠢᠮᠠᠬ ᠨᠢ ᠡᠯᠡᠰᠦ ᠮᠠᠩᠬᠠᠨ ᠤ ᠡᠬᠢ ᠪᠠᠶᠠᠯᠢᠭ ᠲᠠᠭᠠᠨ ᠲᠦᠰᠢᠭᠯᠡᠨ᠂ ᠡᠯᠡᠰᠦᠨ ᠳᠤ ᠪᠠᠷᠲᠠᠭ᠎ᠠ ᠬᠠᠶᠢᠬᠤ᠂ ᠡᠯᠡᠰᠦᠨ ᠳᠤ ᠲᠡᠷᠭᠡ ᠪᠠᠷ ᠠᠶᠠᠯᠠᠬᠤ᠂ ᠠᠯᠠᠭᠠᠲᠠᠬᠤ ᠪᠦᠮᠪᠦᠭᠡ ᠶᠢᠨ ᠤᠷᠤᠯᠲᠤᠭᠠᠨ᠂ ᠬᠦᠯ ᠪᠦᠮᠪᠦᠭᠡ ᠶᠢᠨ ᠤᠷᠤᠯᠲᠤᠭᠠᠨᠵᠡᠷᠭᠡ ᠪᠡᠶ᠎ᠡ ᠶᠢᠨ ᠲᠠᠮᠢᠷ ᠤᠨ ᠵᠤᠭᠠᠴᠠᠯ ᠤᠨ ᠪᠦᠲᠦᠭᠡᠭᠳᠡᠬᠦᠨ ᠢ ᠰᠤᠲᠤᠯᠤᠨ ᠨᠡᠭᠡᠭᠡᠭᠰᠡᠨ ᠪᠠᠶᠢᠨ᠎ᠠ᠃ 2014 ᠤᠨ ᠠᠴᠠ ᠡᠬᠢᠯᠡᠨ᠂ᠠᠯᠠᠱᠠ ᠠᠶᠢᠮᠠᠭ ᠮᠠᠰᠢᠨ ᠲᠡᠷᠭᠡ ᠶᠢᠨ ᠭᠡᠭᠡᠷᠡᠯᠡᠨ ᠲᠠᠪᠬᠢᠬᠤ ᠤᠷᠤᠯᠲᠤᠭᠠᠨ᠂ ᠮᠤᠲ᠋ᠤᠷ ᠲᠡᠷᠭᠡ ᠶᠢᠨ ᠲᠠᠯᠠᠪᠠᠢ ᠶᠢᠨ ᠤᠷᠤᠯᠲᠤᠭᠠᠨ᠂ᠮᠢᠩᠭᠠᠨ ᠬᠦᠮᠦᠨ ᠤ ᠡᠯᠡᠰᠦ ᠮᠠᠩᠬᠠᠨ ᠳᠠᠬᠢ ᠶᠠᠪᠠᠭᠠᠨ ᠢᠶᠠᠷ ᠪᠠᠷᠲᠠᠭ᠎ᠠ ᠲᠤᠭᠤᠯᠬᠤ ᠠᠵᠢᠯᠯᠠᠭ᠎ᠠ ᠵᠡᠷᠭᠡ ᠶᠢ ᠵᠤᠬᠢᠶᠠᠨ ᠪᠠᠶᠢᠭᠤᠯᠤᠬᠰᠠᠨ ᠠᠴᠠ᠂ ᠵᠢᠯ ᠤᠨ ᠵᠤᠭᠠᠴᠠᠯ ᠤᠨ ᠤᠷᠤᠯᠭ᠎ᠠ ᠨᠢ ᠲᠦᠮᠡᠨ ᠳ᠋ᠦᠡᠭᠰᠢᠭᠤᠷ ᠲᠦᠬᠦᠷᠢᠭ ᠠᠴᠠ ᠲᠠᠪᠠᠭᠰᠠᠨ ᠪᠠᠶᠢᠨ᠎ᠠ᠃

6.jpg

《ᠪᠡᠶ᠎ᠡ ᠶᠢᠨ ᠲᠠᠮᠢᠷ ᠪᠤᠯ ᠵᠤᠭᠠᠴᠠᠯ ᠤᠨ ᠠᠵᠦ ᠦᠢᠯᠡᠰ ᠤᠨ ᠬᠦᠭᠵᠢᠯᠳᠡ ᠶᠢᠨ ᠴᠢᠬᠤᠯᠠ ᠡᠬᠢ ᠪᠠᠶᠠᠯᠢᠭ ᠪᠤᠯᠤᠨ᠎ᠠ᠂ ᠵᠤᠭᠠᠴᠠᠯ ᠪᠤᠯ ᠪᠡᠶ᠎ᠡ ᠶᠢᠨ ᠲᠠᠮᠢᠷ ᠤᠨ ᠠᠵᠦ ᠦᠢᠯᠡᠰ ᠢ ᠠᠬᠢᠭᠤᠯᠬᠤ ᠴᠢᠬᠤᠯᠠ ᠬᠦᠳᠡᠯᠬᠡᠬᠦ ᠬᠦᠴᠦᠨ ᠪᠤᠯᠤᠨ᠎ᠠ᠂ ᠦᠪᠡᠷᠳᠡᠭᠡᠨ ᠵᠠᠰᠠᠬᠤᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠤᠢᠢᠷ᠎ᠠ ᠶᠢᠨ ᠵᠢᠯ ᠳᠤ ᠵᠤᠭᠠᠴᠠᠯ ᠤᠨ ᠬᠦᠭᠵᠢᠬᠦᠯᠦᠯᠳᠡ ᠶᠢᠨ ᠵᠦᠪᠯᠡᠯ ᠵᠡᠷᠭᠡ ᠬᠠᠮᠢᠶ᠎ᠠᠪᠦᠬᠦᠢ ᠪᠠᠶᠢᠭᠤᠯᠭ᠎ᠠ ᠨᠢᠬᠡᠴᠢ ᠲᠠᠢ ᠬᠠᠮᠲᠤᠷᠠᠵᠦ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠤᠯᠠᠨᠲᠠ ᠵᠤᠬᠢᠶᠠᠨ ᠪᠠᠶᠢᠭᠤᠯᠵᠦ᠂ ᠪᠡᠶ᠎ᠡ ᠶᠢᠨ ᠲᠠᠮᠢᠷ ᠤᠨ ᠵᠤᠭᠠᠴᠠᠯ ᠤᠨ ᠬᠦᠭᠵᠢᠯᠳᠡ ᠶᠢᠨ ᠰᠠᠶᠢᠨ ᠪᠠᠶᠢᠲᠠᠯ ᠢ ᠪᠤᠢ ᠪᠤᠯᠭᠠᠭᠰᠠᠨ ᠪᠠᠶᠢᠨ᠎ᠠ》 ᠭᠡᠵᠦ ᠦᠪᠡᠷᠳᠡᠭᠡᠨ ᠵᠠᠰᠠᠬᠤ ᠤᠷᠤᠨ ᠤᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ ᠡᠦ ᠭᠠᠩ ᠶᠠᠷᠢᠨ᠎ᠠ᠃


ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠷᠴᠢᠮᠵᠢᠯ᠎ᠠ


ᠤᠢᠢᠷ᠎ᠠ ᠶᠢᠨ ᠵᠢᠯ ᠳᠤ᠂ ᠮᠠᠨ ᠤ ᠤᠷᠤᠨ ᠤ ᠵᠤᠭᠠᠴᠠᠯ ᠤᠨ ᠦᠢᠯᠡᠰ ᠤᠨ ᠲᠦᠷᠭᠡᠨ ᠬᠦᠭᠵᠢᠯᠳᠡ ᠪᠠ ᠵᠤᠭᠠᠴᠠᠯ ᠤᠨ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠲᠡᠭᠡᠭᠰᠢᠯᠡᠬᠦ ᠶᠢ ᠲᠠᠭᠠᠯᠲᠤᠨ᠂ ᠪᠡᠶ᠎ᠡ ᠶᠢᠨ ᠲᠠᠮᠢᠷ ᠤᠨᠵᠤᠭᠠᠴᠠᠯ ᠢᠶᠠᠷ ᠭᠤᠤᠯ ᠰᠡᠲᠦᠪ ᠪᠤᠯᠭᠠᠭᠰᠠᠨ ᠵᠤᠭᠠᠴᠠᠯ ᠤᠨ ᠦᠵᠡᠮᠵᠢ ᠶᠢᠨ ᠤᠷᠤᠨ ᠪᠠ ᠵᠤᠭᠠᠴᠠᠯ ᠤᠨ ᠲᠦᠷᠦᠯ ᠵᠦᠢᠯ ᠤᠯᠠᠰᠢᠷᠠᠵᠦ᠂ᠮᠠᠨ ᠤ ᠤᠷᠤᠨ ᠤ ᠵᠤᠭᠠᠴᠠᠯ ᠤᠨ ᠵᠠᠬ᠎ᠠ ᠲᠡᠯᠭᠡᠬᠦᠷ ᠤᠨ ᠬᠠᠨᠭ᠍ᠭᠠᠯᠭ᠎ᠠ ᠶᠢᠨ ᠲᠠᠯ᠎ᠠ ᠶᠢᠨ ᠴᠢᠬᠤᠯᠠ ᠪᠦᠷᠢᠯᠲᠦᠬᠦᠨ ᠬᠡᠰᠡᠭ ᠪᠤᠯᠤᠯ᠎ᠠ᠃    

ᠦᠪᠦᠷ ᠮᠤᠩᠭᠤᠯ ᠤᠨ ᠮᠤᠷᠢᠨ ᠤᠷᠤᠯᠲᠤᠭᠠᠨ ᠤ ᠲᠠᠯᠠᠪᠠᠢ ᠪᠤᠯ ᠮᠠᠨ ᠤ ᠤᠷᠤᠨ ᠤ ᠬᠡᠪᠴᠢᠶᠡᠵᠢᠯ ᠢᠶᠠᠷ ᠬᠠᠮᠤᠭ ᠤᠨ ᠶᠡᠭᠡ ᠤᠷᠤᠯᠲᠤᠭᠠᠨ ᠤ ᠬᠡᠯᠪᠡᠷᠢ ᠶᠢᠨ ᠮᠤᠷᠢᠨ ᠤᠷᠤᠯᠲᠤᠭᠠᠨ ᠤ ᠲᠠᠯᠠᠪᠠᠢ ᠪᠤᠯᠤᠨ᠎ᠠ᠃ ᠤᠲᠤᠬᠠᠨ ᠳᠤ᠂ ᠦᠪᠦᠷ ᠮᠤᠩᠭᠤᠯ ᠤᠨ ᠮᠤᠷᠢᠨᠤᠷᠤᠯᠲᠤᠭᠠᠨ ᠤ ᠲᠠᠯᠠᠪᠠᠢ ᠨᠢ 4A ᠲᠡᠰ ᠤᠨ ᠵᠤᠭᠠᠴᠠᠯ ᠤᠨ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠪᠠᠨ ᠱᠠᠯᠠᠪᠲᠠᠨᠬᠢᠵᠦ᠂ ᠮᠤᠷᠢ ᠤᠨᠤᠬᠤ᠂ ᠮᠤᠷᠢᠨ ᠮᠡᠷᠭᠡᠵᠢᠯ ᠤᠨ ᠲᠤᠭᠯᠠᠯᠲᠠ ᠵᠡᠷᠭᠡ ᠪᠡᠶ᠎ᠡ ᠶᠢᠨ ᠲᠠᠮᠢᠷ ᠤᠨ ᠵᠤᠭᠠᠴᠠᠯ ᠤᠨ ᠲᠦᠷᠦᠯ ᠵᠦᠢᠯ ᠢ ᠰᠤᠲᠤᠯᠤᠨ ᠨᠡᠭᠡᠭᠡᠵᠦ ᠪᠠᠶᠢᠨ᠎ᠠ᠃ 2016 ᠤᠨ ᠠᠴᠠ ᠦᠪᠦᠷ ᠮᠤᠩᠭᠤᠯ ᠤᠨ ᠮᠤᠷᠢᠨ ᠤᠷᠤᠯᠲᠤᠭᠠᠨ ᠤ ᠲᠠᠯᠠᠪᠤᠷ ᠨᠢ ᠲᠡᠰᠲᠡᠪᠰᠢᠬᠦᠯᠬᠦ ᠦᠬᠡᠷᠡᠴᠢᠯᠡᠨ ᠪᠠᠶᠢᠭᠤᠯᠬᠤ ᠠᠵᠢᠯ ᠢᠶᠠᠨ ᠡᠬᠢᠯᠡᠬᠦᠯᠵᠦ᠂ 1600 ᠮᠧᠲᠷ ᠤᠨ ᠤᠯᠠᠨ ᠤᠯᠤᠰ ᠤᠨ ᠪᠠᠷᠢᠮᠵᠢᠶ᠎ᠠ ᠪᠦᠬᠦᠢᠮᠤᠷᠢᠨ ᠤᠷᠤᠯᠲᠤᠭᠠᠨ ᠤ ᠵᠠᠮ᠂ ᠮᠤᠷᠢᠨ ᠮᠡᠷᠭᠡᠵᠢᠯ ᠤᠨ ᠭᠤᠷᠪᠠᠨ ᠲᠦᠷᠦᠯ ᠤᠨ ᠤᠷᠤᠯᠲᠤᠭᠠᠨ ᠤ ᠲᠠᠯᠠᠪᠠᠢ᠂ ᠰᠠᠭᠠᠳ ᠲᠠᠪᠠᠭ᠋ᠤ ᠤᠷᠤᠯᠲᠤᠭᠠᠨ ᠤ ᠲᠠᠯᠠᠪᠠᠢ ᠵᠡᠷᠭᠡ ᠶᠢᠨ ᠪᠦᠲᠦᠭᠡᠨ ᠪᠠᠶᠢᠭᠤᠯᠤᠯᠲᠠ ᠪᠠᠨ ᠡᠬᠢᠯᠡᠬᠦᠯᠵᠡᠢ᠃

《ᠦᠪᠡᠷ ᠤᠨ ᠲᠠᠪᠠᠭᠤᠯᠢᠭ ᠲᠠᠭᠠᠨ ᠲᠦᠰᠢᠭᠯᠡᠨ᠂ ᠮᠤᠷᠢ ᠤᠷᠤᠯᠲᠤᠬᠤ ᠪᠠ ᠪᠡᠶᠡᠳᠡᠨ ᠤᠷᠤᠯᠴᠠᠬᠤ ᠵᠡᠷᠭᠡ ᠠᠷᠭ᠎ᠠ ᠬᠡᠯᠪᠡᠷᠢ ᠶᠢᠠᠰᠢᠬᠯᠠᠨ᠂ ᠦᠪᠦᠷ ᠮᠤᠩᠭᠤᠯ ᠤᠨ ᠮᠤᠷᠢᠨ ᠤᠷᠤᠯᠲᠤᠭᠠᠨ ᠤ ᠲᠠᠯᠠᠪᠠᠢ ᠪᠠᠨ ᠮᠤᠷᠢᠨ ᠮᠡᠷᠭᠡᠵᠢᠯ ᠢᠶᠠᠷ ᠭᠤᠤᠯ ᠰᠡᠲᠦᠪ ᠪᠤᠯᠭᠠᠭᠰᠠᠨᠪᠡᠶ᠎ᠡ ᠶᠢᠨ ᠲᠠᠮᠢᠷ ᠵᠤᠭ᠎ᠠ ᠰᠡᠯᠡᠬᠦᠴᠡᠯ ᠤᠨ ᠦᠵᠡᠮᠵᠢ ᠶᠢᠨ ᠤᠷᠤᠨ ᠪᠤᠯᠭᠠᠨ᠎ᠠ》ᠭᠡᠵᠦ ᠦᠪᠦᠷ ᠮᠤᠩᠭᠤᠯ ᠤᠨ ᠮᠤᠷᠢᠨ ᠤᠷᠤᠯᠲᠤᠭᠠᠨ ᠤᠲᠠᠯᠠᠪᠠᠢ ᠶᠢᠨ ᠲᠠᠷᠤᠭ᠎ᠠ ᠵᠢᠶᠠ ᠵᠢᠢ ᠮᠢᠨ ᠶᠠᠷᠢᠨ᠎ᠠ᠃

ᠤᠲᠤᠬᠠᠨ ᠳᠤ᠂ ᠤᠯᠠᠭᠠᠨᠬᠠᠲᠠ ᠬᠤᠲᠠ ᠶᠢᠨ ᠬᠠᠷᠠᠴᠢᠨ ᠬᠤᠰᠢᠭᠤᠨ ᠤ ᠮᠠᠶᠢᠷᠠᠨ ᠭᠤᠤ ᠰᠤᠶᠤᠯ ᠵᠤᠭᠠᠴᠠᠯ ᠤᠨ ᠪᠦᠯᠦᠭᠯᠡᠯ ᠨᠢ6.5 ᠳ᠋ᠦᠡᠭᠰᠢᠭᠤᠷ ᠲᠦᠬᠦᠷᠢᠭ ᠪᠡᠯᠡ ᠤᠷᠤᠭᠤᠯᠵᠦ᠂ ᠵᠤᠴᠢᠳ ᠤᠨ ᠪᠠᠭᠤᠲᠠᠯ᠂ ᠬᠤᠭᠤᠯᠠᠨ ᠭᠡᠷ ᠵᠡᠷᠭᠡ ᠪᠠᠷ ᠭᠤᠤᠯᠯᠠᠭᠤᠯᠤᠬᠰᠠᠨᠮᠡᠶᠢᠷᠠᠨ ᠭᠤᠤ ᠶᠢᠨ ᠡᠸᠦ᠋ᠷᠦᠫᠡ ᠶᠢᠨ ᠴᠠᠰᠦ ᠮᠦᠰᠦᠲᠦ ᠵᠢᠵᠢᠭ ᠪᠠᠯᠭᠠᠰᠦ ᠶᠢᠨ ᠨᠢᠬᠡᠲᠦᠭᠡᠷ ᠬᠤᠭᠤᠴᠠᠭᠠᠨ ᠤ ᠢᠨᠵᠧᠨᠧᠷᠢᠩ ᠢᠶᠠᠨ ᠶᠠᠭ ᠰᠠᠶᠢᠬᠠᠨ ᠪᠦᠲᠦᠭᠡᠨ ᠪᠠᠶᠢᠭᠤᠯᠵᠦ ᠪᠤᠢ᠃ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠠᠷᠢᠮᠵᠢᠶ᠎ᠠ ᠶᠢᠦᠨᠲᠦᠰᠦᠯᠡᠨ᠂ ᠤᠲᠤ ᠪᠠᠶᠢᠭ᠎ᠠ 6 ᠵᠤᠷᠪᠤᠰ ᠴᠠᠰᠦᠨ ᠵᠠᠮ ᠪᠠ 5 ᠵᠤᠷᠪᠤᠰ ᠲᠡᠭᠡᠲᠦ ᠲᠡᠰ ᠤᠨ ᠴᠠᠰᠦᠨ ᠵᠠᠮ ᠳᠠᠭᠠᠨ 14 ᠳ᠋ᠤᠬᠡᠷᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠦᠨᠲᠦᠷ ᠠᠭᠤᠯᠠᠨ ᠠᠴᠠ ᠴᠠᠰᠦᠨ ᠳᠤ ᠭᠤᠯᠭᠤᠬᠤ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠᠷ ᠪᠠᠶᠢᠨ᠎ᠠ᠃

ᠡᠨᠡ ᠮᠡᠲᠦ ᠪᠠᠷ᠂ ᠮᠠᠨ ᠤ ᠤᠷᠤᠨ ᠤ ᠵᠤᠭᠠᠴᠠᠯ ᠤᠨ ᠦᠵᠡᠮᠵᠢ ᠶᠢᠨ ᠤᠷᠤᠨ ᠨᠢ ᠦᠪᠡᠷ ᠦᠪᠡᠷ ᠤᠨ ᠢᠶᠠᠨ ᠲᠠᠪᠠᠭᠤᠯᠢᠭ ᠲᠠᠭᠠᠨᠲᠦᠰᠢᠭᠯᠡᠨ᠂ ᠪᠠᠶ᠎ᠡ ᠶᠢᠨ ᠲᠠᠮᠢᠷ ᠤᠨ ᠲᠦᠷᠦᠯ ᠵᠦᠢᠯ ᠢ ᠢᠳᠡᠪᠬᠢᠳᠡᠢ ᠬᠦᠭᠵᠢᠬᠦᠯᠵᠦ ᠠᠵᠦ ᠦᠢᠯᠡᠰ ᠤᠨ ᠠᠭᠤᠰᠤᠯᠴᠠᠯᠬᠦᠭᠵᠢᠯᠳᠡ ᠶᠢ ᠠᠬᠢᠭᠤᠯᠵᠦ ᠪᠤᠢ᠃ ᠡᠬᠦᠨ ᠳᠤ᠂ ᠭᠡᠭᠡᠷᠡᠯᠡᠨ ᠲᠠᠪᠬᠢᠬᠤ e ᠲᠦᠷᠦᠯ ᠤᠨ ᠠᠯᠠᠱᠠ ᠶᠢᠨ ᠡᠯᠡᠰᠦ ᠮᠠᠩᠬᠠᠨ ᠤ ᠮᠠᠰᠢᠨ ᠲᠡᠷᠭᠡ ᠰᠠᠨᠰᠠᠷ ᠤᠨ ᠭᠤᠤᠯ ᠰᠡᠲᠦᠪᠲᠦ ᠴᠡᠴᠡᠷᠯᠢᠭ ᠨᠢ ᠡᠯᠡᠰᠦ ᠮᠠᠩᠬᠠᠨ ᠳᠤ ᠭᠡᠭᠡᠷᠡᠯᠡᠨ ᠲᠠᠪᠬᠢᠬᠤ ᠮᠠᠰᠢᠨ ᠲᠡᠷᠭᠡ ᠶᠢᠨᠤᠷᠤᠯᠲᠤᠭᠠᠨ ᠲᠠᠢ ᠪᠠᠨ ᠤᠶᠠᠯᠲᠤᠭᠤᠯᠵᠦ᠂ ᠬᠦᠭᠵᠢᠯᠳᠡ ᠶᠢᠨ ᠰᠡᠳᠬᠢᠴᠡ ᠪᠠᠨ ᠬᠤᠪᠢᠷᠠᠭᠤᠯᠤᠨ᠂ ᠵᠤᠭᠠᠴᠠᠯ ᠤᠨ ᠡᠯᠧᠮᠧᠨ᠋ᠲ ᠢᠢᠯᠡᠬᠦᠬᠡᠨ ᠠᠭᠤᠰᠬᠠᠵᠦ᠂ ᠬᠤᠭᠤᠯᠠ ᠬᠤᠨᠤᠭ᠂ ᠵᠤᠭ᠎ᠠ ᠰᠡᠯᠡᠬᠦᠴᠡᠯ᠂ ᠤᠷᠤᠯᠲᠤᠭᠠᠨ ᠠᠵᠢᠯᠯᠠᠭ᠎ᠠ ᠶᠢ ᠨᠢᠬᠡ ᠴᠤᠭᠴᠠᠵᠢᠭᠤᠯᠤᠬᠰᠠᠨᠭᠤᠤᠯ ᠰᠡᠲᠦᠪᠲᠦ ᠴᠡᠴᠡᠷᠯᠢᠭ ᠢ ᠪᠦᠲᠦᠭᠡᠨ ᠪᠠᠶᠢᠭᠤᠯᠵᠦ ᠪᠠᠶᠢᠭ᠎ᠠ ᠶᠤᠮ᠃

7.jpg

ᠲᠡᠭᠷᠢ ᠡᠯᠡᠰᠦ ᠶᠢᠨ ᠬᠦᠨ ᠳᠤ᠂ ᠭᠡᠭᠡᠷᠡᠯᠡᠨ ᠲᠠᠪᠬᠢᠬᠤ e ᠲᠦᠷᠦᠯ ᠤᠨ ᠠᠯᠠᠱᠠ ᠶᠢᠨ ᠡᠯᠡᠰᠦ ᠮᠠᠩᠬᠠᠨ ᠤ ᠮᠠᠰᠢᠨ ᠲᠡᠷᠭᠡᠰᠠᠨᠰᠠᠷ ᠤᠨ ᠭᠤᠤᠯ ᠰᠡᠲᠦᠪᠲᠦ ᠴᠡᠴᠡᠷᠯᠢᠭ ᠤᠲᠤ ᠨᠢᠬᠡᠨᠳᠡ ᠠᠩᠬ᠎ᠠ ᠠᠯᠬᠤᠮ ᠪᠠᠶᠢᠭᠤᠯᠤᠬᠲᠠᠯ᠎ᠠ᠃ 《ᠭᠤᠤᠯ ᠰᠡᠲᠦᠪᠲᠦ ᠴᠡᠴᠡᠷᠯᠢᠭᠨᠡᠶᠢᠳᠡ 7 ᠲᠡᠭᠰᠢ ᠲᠦᠷᠪᠡᠯᠵᠢᠨ ᠺᠢᠯᠤᠮᠸ᠊ᠲ᠊‍ᠷ ᠲᠠᠯᠠᠪᠠᠢ ᠲᠠᠢ᠂ ᠡᠮᠦᠨᠡᠬᠢ ᠬᠤᠭᠤᠴᠠᠭᠠᠨ ᠳᠤ ᠨᠡᠶᠢᠳᠡ 40 ᠳ᠋ᠦᠡᠭᠰᠢᠭᠤᠷ ᠲᠦᠬᠦᠷᠢᠭ ᠪᠡᠯᠡ ᠤᠷᠤᠭᠤᠯᠵᠦ᠂ ᠤᠲᠤᠬᠠᠨ ᠳᠤ ᠴᠡᠴᠡᠷᠯᠢᠭ ᠤᠨ ᠲᠤᠲᠤᠷᠠᠬᠢ ᠰᠠᠭᠤᠷᠢ ᠲᠦᠬᠦᠬᠡᠷᠦᠮᠵᠢ ᠶᠢ ᠪᠦᠲᠦᠭᠡᠨ ᠪᠠᠶᠢᠭᠤᠯᠵᠦ ᠪᠠᠶᠢᠨ᠎ᠠ》ᠭᠡᠵᠦ ᠠᠯᠠᠱᠠ ᠶᠢᠨ ᠡᠯᠡᠰᠦ ᠮᠠᠩᠬᠠᠨ ᠤ ᠮᠠᠰᠢᠨ ᠲᠡᠷᠭᠡ ᠰᠤᠶᠤᠯ ᠤᠨ ᠬᠤᠪᠢ ᠡᠵᠡᠮᠳᠡᠬᠦ ᠬᠢᠵᠠᠭᠠᠷᠲᠦ ᠺᠤᠮᠫᠠᠨᠢ ᠶᠢᠨ ᠭᠡᠷᠡᠭ ᠮᠡᠳᠡᠭᠴᠢᠡᠦ ᠬᠦᠸᠧ ᠳ᠋ᠠᠢ ᠶᠠᠷᠢᠨ᠎ᠠ᠃


ᠵᠤᠭᠠᠴᠠᠯ ᠤᠨ ᠲᠦᠷᠦᠯ ᠲᠡᠮᠳᠡᠭ ᠤᠯᠠᠰᠢᠷᠠᠯ᠎ᠠ


ᠵᠤᠭᠠᠴᠠᠯ ᠤᠨ ᠲᠦᠷᠦᠯ ᠲᠡᠮᠳᠡᠭ ᠪᠤᠯ ᠵᠤᠭᠠᠴᠠᠯ ᠤᠨ ᠪᠦᠲᠦᠭᠡᠭᠳᠡᠬᠦᠨ ᠤ ᠭᠤᠤᠯ ᠦᠷᠢᠰᠦᠯᠲᠦᠬᠦ ᠬᠦᠴᠦᠨ ᠪᠤᠯᠤᠨ᠎ᠠ᠃ ᠪᠡᠶ᠎ᠡ ᠶᠢᠨ ᠲᠠᠮᠢᠷ ᠤᠨ ᠵᠤᠭᠠᠴᠠᠯ ᠤᠨ ᠲᠦᠷᠦᠯ ᠲᠡᠮᠳᠡᠭ ᠢᠶᠠᠨ ᠴᠤᠭᠴᠠᠯᠠᠬᠤ ᠶᠢᠨ ᠲᠦᠯᠦᠬᠡ᠂ ᠤᠢᠢᠷ᠎ᠠ ᠶᠢᠨ ᠵᠢᠯ ᠳᠤ ᠮᠠᠨ ᠤ ᠤᠷᠤᠨᠪᠠᠶᠠᠯᠢᠭ ᠤᠯᠠᠨ ᠠᠭᠤᠯᠭ᠎ᠠ ᠲᠠᠢ ᠪᠠᠶᠠᠷ ᠨᠠᠶᠢᠷ ᠤᠨ ᠠᠵᠢᠯᠯᠠᠭ᠎ᠠ ᠶᠢ ᠡᠷᠬᠢᠯᠡᠨ ᠶᠠᠪᠤᠭᠲᠠᠭᠤᠯᠵᠦ᠂ ᠵᠤᠭᠠᠴᠠᠭᠰᠠᠳ ᠤᠨ ᠪᠡᠶᠡᠳᠡᠨᠤᠷᠤᠯᠴᠠᠯᠭ᠎ᠠ ᠶᠢ ᠢᠳᠡᠪᠬᠢᠵᠢᠬᠦᠯᠦᠨ᠂ ᠵᠠᠬ᠎ᠠ ᠲᠡᠯᠭᠡᠬᠦᠷ ᠤᠨ ᠡᠵᠡᠩᠨᠡᠨ ᠪᠤᠷᠤᠯᠠᠭᠤᠯᠭ᠎ᠠ ᠶᠢᠨ ᠬᠦᠴᠦᠯᠡᠴᠡ ᠶᠢ ᠨᠡᠮᠡᠭᠳᠡᠬᠦᠯᠦᠨ᠂ ᠪᠡᠶ᠎ᠡ ᠶᠢᠨ ᠲᠠᠮᠢᠷ ᠤᠨ ᠵᠤᠭᠠᠴᠠᠯ ᠤᠨ ᠲᠦᠷᠦᠯ ᠲᠡᠮᠳᠡᠭ ᠢ ᠴᠢᠷᠮᠠᠶᠢᠨ ᠡᠬᠦᠳᠴᠦ ᠪᠤᠢ᠃    

ᠡᠨᠡ ᠵᠢᠯ ᠤᠨ 7 ᠰᠠᠷ᠎ᠠ ᠳᠤ᠂ ᠪᠠᠶᠠᠨᠨᠠᠭᠤᠷ ᠬᠤᠲᠠ ᠶᠢᠨ ᠳ᠋ᠸᠡᠭᠺᠸᠦ ᠰᠢᠶᠠᠨ ᠳᠤ 《 2018 ᠦᠪᠦᠷ ᠮᠤᠩᠭᠤᠯ ᠤᠨ ᠳ᠋ᠸᠡᠭᠺᠸᠦ ·ᠲᠠᠯᠠᠢ ᠶᠢᠨ ᠬᠤᠭᠤᠯᠠᠢ ᠬᠤᠨᠲᠠᠭᠠᠲᠦ ᠲᠠᠮᠢᠷ ᠤᠨ ᠤᠷᠤᠯᠲᠤᠭᠠᠨ》 ᠶᠠᠪᠤᠭᠲᠠᠵᠦ᠂ ᠰᠢᠶᠠᠩᠭᠠᠩ ᠤᠤᠮᠧᠨ ᠵᠡᠷᠭᠡ ᠭᠠᠵᠠᠷ ᠤᠷᠤᠨ ᠠᠴᠠᠢᠷᠡᠭᠰᠡᠨ 60 ᠭᠠᠷᠤᠢ ᠲᠤᠰᠬᠠᠢ ᠮᠡᠷᠭᠡᠵᠢᠯ ᠤᠨ ᠲᠠᠮᠢᠷᠴᠢᠳ ᠤᠷᠤᠯᠲᠤᠭᠠᠨ ᠳᠤ ᠤᠷᠤᠯᠴᠠᠵᠦ ᠤᠬᠠᠭᠠᠨ ᠲᠠᠮᠢᠷ ᠢᠶᠠᠨ ᠰᠤᠷᠢᠯᠴᠠᠵᠠᠢ᠃ᠪᠠᠶᠠᠨᠨᠠᠭᠤᠷ ᠬᠤᠲᠠ ᠶᠢᠨ ᠪᠤᠷᠤᠲᠤᠬᠤᠢ ᠶᠢᠨ ᠵᠠᠩ ᠦᠢᠯᠡ᠂ ᠬᠠᠲᠤᠨ ᠭᠤᠤᠯ ᠤᠨ ᠦᠵᠡᠮᠵᠢ᠂ ᠠᠭᠤᠢ ᠰᠦᠮ᠎ᠡ᠂ ᠨᠠᠷᠢᠨ ᠨᠠᠭᠤᠷᠵᠡᠷᠭᠡ ᠵᠤᠭᠠᠴᠠᠯ ᠤᠨ ᠡᠬᠢ ᠪᠠᠶᠠᠯᠢᠬ ᠨᠢ ᠤᠷᠤᠯᠲᠤᠭᠠᠨ ᠳᠤ ᠤᠷᠤᠯᠴᠠᠬᠰᠠᠨ ᠬᠦᠮᠦᠰ ᠤᠨ ᠪᠠᠭ᠋ᠠᠷᠬᠠᠯ ᠢ ᠲᠠᠲᠠᠯ᠎ᠠ᠃

 8 ᠰᠠᠷ᠎ᠠ ᠳᠤ᠂ 《ᠢᠯᠢ ᠬᠤᠨᠲᠠᠭᠠᠲᠦ᠂ 2018 ᠦᠪᠦᠷ ᠮᠤᠩᠭᠤᠯ ᠤᠨ ᠬᠠᠷᠬᠤᠰᠤ ᠶᠢᠨ ᠲᠠᠯ᠎ᠠ ᠨᠤᠲᠤᠭ ᠤᠨ ᠮᠠᠷᠠᠽᠦᠨ ᠤᠷᠤᠯᠲᠤᠭᠠᠨ》ᠬᠦᠬᠡᠬᠤᠲᠠ ᠶᠢᠨ ᠲᠦᠮᠡᠳ ᠵᠡᠬᠦᠨ ᠬᠤᠰᠢᠭᠤᠨ ᠤ ᠴᠡᠯᠡᠭᠡᠷ ᠲᠠᠯ᠎ᠠ ᠲᠠᠯ᠎ᠠ ᠨᠤᠲᠤᠭ ᠤᠨ ᠵᠤᠭᠠᠴᠠᠯ ᠤᠨ ᠤᠷᠤᠨ ᠳᠤᠦᠪᠡᠳᠡᠭᠰᠢ ᠶᠡᠭᠡ ᠪᠠᠷ ᠶᠠᠪᠤᠭᠲᠠᠪᠠ᠃ ᠤᠯᠤᠰ ᠤᠨ ᠲᠤᠲᠤᠭᠠᠲᠦ ᠭᠠᠲᠠᠭᠠᠲᠦ ᠠᠴᠠ ᠬᠦᠷᠦᠯᠴᠡᠨ ᠢᠷᠡᠭᠰᠡᠨ 5000 ᠭᠠᠷᠤᠢ ᠮᠠᠷᠠᠽᠦᠨ ᠲᠠᠮᠢᠷᠴᠢᠳ ᠬᠠᠷᠬᠤᠰᠤ ᠨᠠᠭᠤᠷ ᠤᠨ ᠬᠦᠪᠡᠭᠡᠨ ᠳᠤ ᠴᠤᠭᠯᠠᠷᠠᠵᠦ᠂ ᠤᠷᠤᠯᠲᠤᠭᠠᠨ ᠳᠤ ᠤᠷᠤᠯᠴᠠᠬᠤ ᠶᠢᠨ ᠲᠠᠭᠠᠦ ᠦᠵᠡᠮᠵᠢᠪᠦᠷᠢᠲᠦᠭᠰᠡᠨ ᠲᠠᠯ᠎ᠠ ᠨᠤᠲᠤᠭ ᠢᠶᠠᠷ ᠠᠶᠠᠯᠠᠨ ᠵᠤᠭᠠᠴᠠᠭᠰᠠᠨ ᠪᠢᠯᠡ᠃

9.jpg

9 ᠰᠠᠷ᠎ᠠ ᠳᠤ᠂ 《ᠦᠪᠦᠷ ᠮᠤᠩᠭᠤᠯ ᠤᠨ ᠠᠷᠪᠠᠨ ᠨᠢᠬᠡᠲᠦᠭᠡᠷ ᠬᠤᠭᠤᠴᠠᠭᠠᠨ ᠤ ᠪᠠᠳᠺᠠᠷ ᠵᠤᠤ ᠬᠤᠨᠲᠠᠭᠠᠲᠦ ᠲᠤᠭᠤᠢᠲᠡᠷᠭᠡ ᠶᠢᠨ ᠤᠷᠢᠯᠭ᠎ᠠ ᠶᠢᠨ ᠤᠷᠤᠯᠲᠤᠭᠠᠨ ᠪᠠ ᠰᠢᠭᠤᠢᠢᠲᠦ ᠲᠤᠭᠤᠷᠢᠭ ᠤᠨ ᠲᠦᠷᠪᠡᠲᠦᠭᠡᠷ ᠬᠤᠭᠤᠴᠠᠭᠠᠨ ᠤ ᠰᠢᠭᠤᠢᠢᠲᠦ ᠴᠠᠭᠠᠰᠦᠨ ᠰᠢᠪᠠᠭᠤᠨ ᠤ ᠨᠠᠶᠢᠷ》 ᠪᠤᠭᠤᠲᠤ ᠬᠤᠲᠠ ᠶᠢᠨ ᠰᠢᠭᠤᠢᠢᠲᠦ ᠲᠤᠭᠤᠷᠢᠭ ᠲᠤ ᠶᠠᠪᠤᠭᠲᠠᠯ᠎ᠠ᠃ ᠪᠤᠭᠤᠲᠤ ᠬᠤᠲᠠ ᠶᠢᠨᠰᠢᠭᠤᠢᠢᠲᠦ ᠲᠤᠭᠤᠷᠢᠭ ᠨᠢ 2008 ᠤᠨ ᠠᠴᠠ ᠡᠬᠢᠯᠡᠨ ᠤᠲᠤ ᠪᠤᠯᠲᠠᠯ᠎ᠠ ᠨᠡᠶᠢᠳᠡ 11 ᠬᠤᠭᠤᠴᠠᠭᠠᠨ ᠤ ᠲᠤᠭᠤᠢ ᠲᠡᠷᠭᠡ ᠶᠢᠨᠤᠷᠢᠯᠭ᠎ᠠ ᠶᠢᠨ ᠤᠷᠤᠯᠲᠤᠭᠠᠨ᠂ 7 ᠬᠤᠭᠤᠴᠠᠭᠠᠨ ᠤ ᠲᠤᠭᠤᠢ ᠲᠡᠷᠭᠡ ᠶᠢᠨ ᠰᠤᠶᠤᠯ ᠤᠨ ᠨᠠᠶᠢᠷ ᠪᠠ 4 ᠬᠤᠭᠤᠴᠠᠭᠠᠨ ᠤ ᠴᠠᠭᠠᠰᠦᠨ ᠰᠢᠪᠠᠭᠤ ᠶᠢᠨ ᠨᠠᠶᠢᠷ ᠢ ᠡᠷᠬᠢᠯᠡᠨ ᠶᠠᠪᠤᠭᠲᠠᠭᠤᠯᠵᠦ ᠪᠠᠶᠢᠨ᠎ᠠ᠃

ᠨᠠᠶᠢᠷ ᠤᠨ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 18 ᠲᠤᠭᠤᠢ ᠲᠡᠷᠭᠡ ᠶᠢᠨᠺᠯᠦ᠋ᠪ ᠤᠨ 100 ᠰᠢᠬᠠᠮ ᠲᠠᠮᠢᠷᠴᠢᠳ᠂ 300 ᠭᠠᠷᠤᠢ ᠲᠤᠭᠤᠢ ᠲᠡᠷᠭᠡ ᠶᠢᠨ ᠲᠤᠷ᠎ᠠ ᠪᠠᠭ᠋ᠠᠲᠠᠳ᠂ 22 ᠲᠤᠰᠬᠠᠢ ᠮᠡᠷᠭᠡᠵᠢᠯ ᠤᠨᠴᠠᠭᠠᠰᠦᠨ ᠰᠢᠪᠠᠭᠤ ᠶᠢᠨ ᠤᠷᠤᠯᠲᠤᠭᠠᠨ ᠤ ᠲᠤᠭᠤᠢᠢᠯᠠᠩ ᠪᠠ 110 ᠭᠠᠷᠤᠢ ᠴᠠᠭᠠᠰᠦᠨ ᠰᠢᠪᠠᠭᠤ ᠶᠢᠨ ᠲᠤᠷ᠎ᠠ ᠪᠠᠭ᠋ᠠᠲᠠᠳ ᠤᠷᠤᠯᠲᠤᠭᠠᠨ ᠳᠤ ᠤᠷᠤᠯᠴᠠᠵᠦ᠂ ᠨᠠᠮᠤᠷ ᠤᠨ ᠡᠬᠢᠨ ᠤ ᠰᠢᠭᠤᠢᠢᠲᠦ ᠲᠤᠭᠤᠷᠢᠭ ᠨᠠᠶᠢᠷ ᠬᠦᠷ ᠢᠶᠠᠷ ᠪᠢᠯᠬᠠᠵᠠᠢ᠃

《ᠲᠤᠭᠤᠢ ᠲᠡᠷᠭᠡ ᠶᠢᠨ ᠤᠷᠤᠯᠲᠤᠭᠠᠨ ᠪᠠ ᠴᠠᠭᠠᠰᠦᠨ ᠰᠢᠪᠠᠭᠤᠨ ᠤ ᠨᠠᠶᠢᠷ ᠢ ᠪᠢᠳᠡ ᠬᠠᠮᠲᠦ ᠳᠤᠨᠢ ᠡᠷᠬᠢᠯᠡᠨ ᠶᠠᠪᠤᠭᠲᠠᠭᠤᠯᠤᠬᠰᠠᠨ᠂ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠰᠢᠭᠤᠢᠢᠲᠦ ᠲᠤᠭᠤᠷᠢᠭ ᠲᠤ ᠬᠤᠷᠠᠨ ᠴᠤᠭᠯᠠᠷᠠᠵᠦ᠂ᠰᠢᠭᠤᠢᠢᠲᠦ ᠲᠤᠭᠤᠷᠢᠭ ᠤᠨ ᠭᠤᠶᠤ ᠦᠵᠡᠮᠵᠢ ᠶᠢ ᠰᠤᠨᠢᠷᠬᠠᠬᠤ ᠶᠢᠨ ᠬᠠᠮᠲᠦ᠂ ᠡᠳᠡᠭᠡᠷ ᠤᠷᠤᠯᠲᠤᠭᠠᠨ ᠢᠶᠠᠷ ᠲᠠᠮᠵᠢᠨ ᠰᠢᠭᠤᠢᠢᠲᠦ ᠲᠤᠭᠤᠷᠢᠭ ᠤᠨ ᠰᠤᠶᠤᠯ ᠵᠤᠭᠠᠴᠠᠯ ᠤᠨ ᠡᠬᠢ ᠪᠠᠶᠠᠯᠢᠭ ᠢᠶᠠᠨ ᠭᠠᠲᠠᠭᠰᠢ ᠢᠯᠡᠬᠦᠬᠡᠨ ᠤᠬᠠᠭᠤᠯᠬᠤ ᠭᠡᠰᠡᠨ ᠶᠤᠮ 》ᠭᠡᠵᠦ ᠰᠢᠭᠤᠢᠢᠲᠦ ᠲᠤᠭᠤᠷᠢᠭ ᠤᠨ ᠰᠤᠶᠤᠯ ᠪᠡᠶ᠎ᠡ ᠶᠢᠨ ᠲᠠᠮᠢᠷ ᠷᠠᠳᠢᠣ᠋ ᠲᠧᠯᠸᠢᠰ ᠵᠤᠭᠠᠴᠠᠯ ᠤᠨ ᠲᠤᠪᠴᠢᠶᠠᠨ ᠤ ᠲᠡᠳ᠋ ᠲᠠᠷᠤᠭ᠎ᠠ ᠬᠦᠸᠧ ᠰᠢᠶᠤᠤ ᠷᠦᠩᠶᠠᠷᠢᠨ᠎ᠠ᠃

10.jpg

ᠦᠨᠲᠦᠰᠦᠳᠡᠨ ᠤ ᠰᠤᠶᠤᠯ ᠪᠡᠶ᠎ᠡ ᠶᠢᠨ ᠲᠠᠮᠢᠷ᠂ ᠴᠠᠰᠦ ᠮᠦᠰᠦᠨ ᠤ ᠪᠡᠶ᠎ᠡ ᠶᠢᠨ ᠲᠠᠮᠢᠷ᠂ ᠡᠯᠡᠰᠦ ᠮᠠᠩᠬᠠᠨ ᠤ ᠪᠡᠶ᠎ᠡ ᠶᠢᠨ ᠲᠡᠮᠢᠷᠵᠡᠷᠭᠡ ᠨᠢ ᠤᠲᠤᠬᠠᠨ ᠳᠤ ᠮᠠᠨ ᠤ ᠤᠷᠤᠨ ᠤ ᠪᠡᠶ᠎ᠡ ᠶᠢᠨ ᠲᠠᠮᠢᠷ ᠤᠨ ᠵᠤᠭᠠᠴᠠᠯ ᠢ ᠬᠦᠭᠵᠢᠬᠦᠯᠬᠦ ᠡᠯᠪᠡᠭ ᠪᠠᠶᠠᠯᠢᠭ ᠵᠤᠭᠠᠴᠠᠯ ᠤᠨ ᠡᠬᠢᠪᠠᠶᠠᠯᠢᠭ ᠪᠤᠯᠵᠦ᠂ ᠵᠤᠭᠠᠴᠠᠯ ᠤᠨ ᠲᠦᠷᠦᠯ ᠵᠦᠢᠯ ᠢ ᠬᠦᠭᠵᠢᠬᠦᠯᠬᠦ ᠪᠠᠲᠦ ᠪᠠᠬᠢ ᠰᠠᠭᠤᠷᠢ ᠪᠤᠯᠵᠠᠢ᠃ 《ᠪᠡᠶ᠎ᠡ ᠴᠢᠬᠢᠷᠠᠬᠵᠢᠭᠤᠯᠬᠤᠵᠤᠭ᠎ᠠ ᠰᠡᠯᠡᠬᠦᠴᠡᠯ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠬᠦ ᠲᠤᠬᠠᠢ ᠭᠡᠷᠡᠭᠵᠢᠬᠦᠯᠬᠦ ᠰᠠᠨᠠᠯ》 ᠳᠤ᠂ ᠦᠪᠡᠷᠮᠢᠴᠡᠵᠤᠭᠠᠴᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠮᠠᠨ ᠤ ᠤᠷᠤᠨ ᠲᠤᠮᠤ ᠬᠡᠪᠴᠢᠶᠡᠨ ᠤ ᠪᠡᠶ᠎ᠡ ᠶᠢᠨ ᠲᠠᠮᠢᠷ ᠤᠨ ᠤᠷᠤᠯᠲᠤᠭᠠᠨ ᠢᠵᠤᠬᠢᠶᠠᠨ ᠪᠠᠶᠢᠭᠤᠯᠵᠦ᠂ ᠦᠪᠦᠷ ᠮᠤᠩᠭᠤᠯ (ᠤᠯᠠᠨ ᠤᠯᠤᠰ) ᠤᠨ ᠮᠤᠷᠢᠨ ᠮᠡᠷᠭᠡᠵᠢᠯ ᠤᠨ ᠨᠠᠶᠢᠷ᠂ ᠤᠷᠲᠤᠰ ᠤᠨ ᠤᠯᠠᠨᠤᠯᠤᠰ ᠤᠨ ᠨᠠᠭᠠᠲᠤᠮ᠂ ᠲᠠᠯ᠎ᠠ ᠨᠤᠲᠤᠭ ᠤᠨ ᠲᠤᠷᠭᠠᠨ ᠵᠠᠮ ᠤᠨ ᠮᠠᠷᠠᠽᠦᠨ᠂ ᠠᠯᠠᠱᠠ ᠶᠢᠨ ᠡᠯᠡᠰᠦ ᠮᠠᠩᠬᠠᠨ ᠤ ᠤᠷᠤᠯᠲᠤᠭᠠᠨ᠂ᠪᠠᠶᠠᠨᠨᠠᠭᠤᠷ ᠤᠨ ᠯᠤᠤᠲᠦ ᠤᠡᠭᠭᠤᠴᠠ ᠶᠢᠨ ᠤᠷᠤᠯᠲᠤᠭᠠᠨ ᠵᠡᠷᠭᠡ ᠤᠷᠤᠯᠲᠤᠭᠠᠨ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ 2025ᠤᠨ ᠪᠤᠯᠲᠠᠯ᠎ᠠ᠂ ᠮᠠᠨ ᠤ ᠤᠷᠤᠨ ᠤ ᠪᠡᠶ᠎ᠡ ᠴᠢᠬᠢᠷᠠᠭᠵᠢᠭᠤᠯᠬᠤ ᠵᠤᠭ᠎ᠠ ᠰᠡᠯᠡᠬᠦᠴᠡᠯ ᠤᠨ ᠠᠵᠦ ᠦᠢᠯᠡᠰ ᠤᠨ ᠶᠡᠷᠦᠩᠭᠡᠢ ᠬᠡᠪᠴᠢᠶᠡᠵᠢᠯ ᠢ300 ᠳ᠋ᠦᠡᠭᠰᠢᠭᠤᠷ ᠲᠦᠬᠦᠷᠢᠭ ᠠᠴᠠ ᠲᠠᠪᠠᠭᠤᠯᠤᠨ᠎ᠠ ᠭᠡᠬᠦ ᠬᠠᠷᠠᠯᠲᠠ ᠶᠢ ᠲᠤᠷᠠᠲᠤᠭᠰᠠᠨ ᠪᠢᠯᠡ᠃ (ᠪᠤᠷᠮ᠎ᠠ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ