ᠰᠢᠨᠬᠤᠸᠠ ᠬᠤᠷᠢᠶ᠎ᠠ  ᠺᠦᠨᠮᠢᠩ ᠤᠨ 11 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠶᠤᠸᠠᠢ ᠷᠠᠨ ᠷᠠᠨ) ᠮᠠᠨ ᠤ ᠤᠯᠤᠰ ᠤᠨ 2018 ᠤᠨ ᠤ ᠬᠦᠩᠬᠡᠨ ᠠᠲ᠋ᠯᠸᠲ᠋ᠢᠺ ᠤᠨ ᠠᠵᠢᠯ ᠤᠨ ᠬᠤᠷᠠᠯ 26 ᠤ ᠡᠳᠦᠷ ᠺᠦᠨᠮᠢᠩ ᠳᠤ ᠬᠤᠷᠠᠯᠳᠤᠪᠠ᠃ ᠬᠤᠷᠠᠯ ᠡᠴᠡ ᠨᠡᠶᠢᠲᠡᠯᠡᠭᠰᠡᠨ ᠳ᠋ᠠᠶᠢᠲ᠋ᠠ ᠢᠢ ᠦᠨᠳᠦᠰᠦᠯᠡᠪᠡᠯ᠂ 11 ᠳ᠋ᠤᠭᠠᠷ ᠰᠠᠷ᠎ᠠ ᠶᠢᠨ 2 ᠤᠨ ᠡᠳᠦᠷ ᠪᠤᠯᠲᠠᠯ᠎ᠠ ᠮᠠᠨ ᠤ ᠤᠯᠤᠰ ᠡᠨᠡ ᠤᠨ ᠳᠤ 800  ᠡᠴᠡ ᠳᠡᠭᠡᠭᠰᠢ ᠬᠦᠮᠦᠨ ᠤᠷᠤᠯᠴᠠᠬᠰᠠᠨ ᠵᠠᠮ ᠳᠠᠭᠠᠤ ᠭᠦᠶᠦᠯᠲᠡ ᠪᠤᠯᠤᠨ 300  ᠡᠴᠡ ᠳᠡᠭᠡᠭᠰᠢ ᠬᠦᠮᠦᠨ ᠤᠷᠤᠯᠴᠠᠬᠰᠠᠨ ᠬᠡᠭᠡᠷᠡᠯᠡᠨ ᠬᠦᠶᠦᠯᠲᠡ ᠵᠢ ᠨᠡᠶᠢᠲᠡ 1072 ᠲᠠᠯᠠᠪᠠᠢ ᠵᠤᠬᠢᠶᠠᠨ ᠪᠠᠢᠭᠤᠯᠵᠦ᠂ ᠳᠠᠪᠬᠤᠷᠳᠠᠬᠰᠠᠨ ᠲᠤᠭ᠎ᠠ ᠪᠡᠷ 530 ᠲᠦᠮᠡᠨ ᠬᠦᠮᠦᠨ ᠤᠷᠤᠯᠳᠤᠭᠠᠨ ᠳᠤ ᠤᠷᠤᠯᠴᠠᠵᠠᠢ᠃ ᠡᠭᠦᠨ ᠤ ᠲᠤᠳᠤᠷ᠎ᠠ 310 ᠲᠠᠯᠠᠪᠠᠢ ᠤᠷᠤᠯᠳᠤᠭᠠᠨ ᠨᠢ ᠳᠤᠮᠳᠠᠳᠤ ᠤᠯᠤᠰ ᠤᠨ ᠬᠦᠩᠬᠡᠨ ᠠᠲ᠋ᠯᠸᠲ᠋ᠢᠺ ᠤᠨ ᠨᠡᠶᠢᠭᠡᠮᠯᠢᠭ ᠢᠶᠡᠷ ᠪᠠᠲᠤᠯᠠᠭᠤᠯᠵᠦ᠂ ᠳᠠᠪᠬᠤᠷᠳᠠᠬᠰᠠᠨ ᠲᠤᠭ᠎ᠠ ᠪᠡᠷ ᠨᠡᠶᠢᠲᠡ 320 ᠲᠦᠮᠡᠨ ᠬᠦᠮᠦᠨ ᠤᠷᠤᠯᠴᠠᠬᠰᠠᠨ ᠪᠠᠶᠢᠨ᠎ᠠ᠃

ᠤᠯᠤᠰ ᠤᠨ ᠪᠡᠶ ᠎ᠡ ᠶᠢᠨ ᠲᠡᠮᠢᠷ ᠤᠨ ᠶᠡᠷᠦᠩᠬᠡᠢ ᠲᠤᠪᠴᠢᠶ᠎ᠠ ᠶᠢᠨ ᠬᠦᠩᠬᠡᠨ ᠠᠲ᠋ᠯᠸᠲ᠋ᠢᠺ ᠤᠨ ᠬᠠᠮᠢᠶᠠᠷᠤᠯᠲᠠ ᠶᠢᠨ ᠲᠦᠪ ᠤᠨ ᠡᠷᠬᠢᠯᠡᠭᠴᠢ ᠢᠤᠢ ᠬᠤᠩ ᠴᠸᠨ᠄《ᠮᠠᠷᠠᠽᠤᠨ ᠢᠶᠡᠷ ᠲᠦᠷᠦᠭᠦᠯᠦᠭᠦᠯᠦᠭᠰᠡᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠦᠷᠨᠢᠨ ᠬᠦᠭᠵᠢᠵᠦ᠂ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠰᠢᠨ᠎ᠡ ᠤᠷᠤᠰᠠᠬᠯ ᠢ ᠪᠤᠢ ᠪᠤᠯᠭᠠᠵᠠᠢ》ᠬᠡᠮᠡᠨ ᠢᠯᠡᠷᠬᠡᠶᠢᠯᠡᠪᠡ᠃

ᠬᠤᠷᠠᠯ ᠤᠨ ᠦᠶ᠎ᠡ ᠪᠡᠷ ᠬᠦᠩᠬᠡᠨ ᠠᠲ᠋ᠯᠸᠲ᠋ᠢᠺ ᠤᠨ ᠨᠡᠶᠢᠭᠡᠮᠯᠢᠭ ᠨᠢ 《ᠳᠤᠮᠳᠠᠳᠤ ᠤᠯᠤᠰ ᠤᠨ ᠮᠠᠷᠠᠽᠤᠨ ᠤ ᠬᠠᠮᠢᠶᠠᠷᠤᠯᠲᠠ ᠶᠢᠨ ᠪᠢᠴᠢᠭ᠌ ᠮᠠᠲ᠋ᠸᠷᠢᠶᠠᠯ ᠤᠨ ᠡᠮᠬᠢᠳᠬᠡᠯ》 ᠳ᠋ᠤ ᠵᠠᠰᠠᠪᠤᠷᠢ ᠤᠷᠤᠭᠤᠯᠬᠤ ᠶᠢᠨ ᠬᠠᠮᠲᠤ《ᠮᠠᠷᠠᠽᠤᠨ ᠤ ᠤᠷᠤᠯᠳᠤᠭᠠᠨ ᠳᠤ ᠨᠡᠷ᠎ᠡ ᠪᠦᠷᠢᠳᠬᠡᠭᠦᠯᠤᠨ ᠤᠷᠤᠯᠴᠠᠬᠤ ᠡᠷᠬᠡ ᠵᠢ ᠬᠢᠨᠠᠨ ᠰᠢᠯᠭᠠᠬᠤ ᠲᠦᠷᠢᠮ ᠤᠨ ᠮᠡᠳᠡᠭᠳᠡᠯ》 ᠢ᠋ ᠲᠤᠬᠲᠠᠭᠠᠨ ᠨᠡᠶᠢᠲᠡᠯᠡᠭᠰᠡᠨ ᠪᠦᠭᠡᠳ ᠪᠠᠰᠠ ᠤᠳᠠᠯ ᠦᠭᠡᠢ ᠨᠡᠶᠢᠭᠡᠮ ᠨᠡᠶᠢᠲᠡ ᠳᠤ ᠵᠠᠷᠯᠠᠬᠤ ᠮᠠᠷᠠᠽᠤᠨ ᠤ ᠤᠷᠤᠯᠳᠤᠭᠠᠨ ᠳᠤ ᠤᠷᠤᠯᠴᠠᠬᠤ ᠬᠦᠲᠦᠯᠪᠦᠷᠢ ᠪᠤᠯᠤᠨ ᠮᠠᠷᠠᠽᠤᠨ ᠤ ᠤᠷᠤᠯᠳᠤᠭᠠᠨ ᠵᠤᠬᠢᠶᠠᠨ ᠪᠠᠶᠢᠭᠤᠯᠬᠤ ᠬᠦᠲᠦᠯᠪᠦᠷᠢ ᠵᠢ ᠲᠤᠭᠤᠷᠪᠢᠨ ᠪᠢᠴᠢᠵᠦ᠂ ᠮᠠᠷᠠᠽᠤᠨ ᠤ ᠤᠷᠤᠯᠳᠤᠭᠠᠨ ᠤ ᠰᠡᠷᠭᠦᠭᠡᠰᠢ ᠡᠳ᠋ ᠢ ᠪᠠᠶᠢᠴᠠᠭᠠᠬᠤ ᠠᠵᠢᠯ ᠢ ᠤᠯᠠᠮ ᠴᠢᠬᠤᠯᠠᠴᠢᠯᠠᠬᠰᠠᠨ ᠪᠠᠶᠢᠨ᠎ᠠ᠃

ᠮᠠᠷᠠᠽᠤᠨ ᠤ ᠬᠦᠭᠵᠢᠯᠲᠡ ᠬᠢᠭᠡᠳ ᠪᠤᠰᠤᠳ ᠬᠦᠩᠬᠡᠨ ᠠᠲ᠋ᠯᠸᠲ᠋ᠢᠺ ᠤᠨ ᠤᠯᠠᠨ ᠨᠡᠶᠢᠲᠡ ᠶᠢᠨ ᠬᠦᠳᠡᠯᠭᠡᠭᠡᠨ ᠤ ᠬᠦᠭᠵᠢᠯᠲᠡ ᠶᠢᠨ ᠲᠡᠩᠴᠡᠪᠦᠷᠢ ᠲᠠᠢ ᠪᠤᠰᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ ᠬᠦᠩᠬᠡᠨ ᠠᠲ᠋ᠯᠸᠲ᠋ᠢᠺ ᠤᠨ ᠨᠡᠶᠢᠭᠡᠮᠯᠢᠭ ᠤᠨ ᠬᠢᠨ 《ᠠᠷᠠᠳ ᠢᠶᠡᠷ ᠲᠦᠪ ᠪᠤᠯᠭᠠᠬᠤ》ᠤᠯᠠᠨ ᠨᠠᠶᠢᠲᠡ ᠶᠢᠨ ᠪᠡᠶ᠎ᠡ ᠶᠢᠨ ᠲᠠᠮᠢᠷ ᠢ ᠬᠦᠭᠵᠢᠭᠦᠯᠬᠦ ᠵᠢ ᠪᠠᠷᠢᠮᠲᠠᠯᠠᠵᠦ᠂ 2019 ᠤᠨ ᠳᠤ ᠵᠠᠮ ᠳᠠᠭᠠᠤ ᠭᠦᠶᠦᠯᠲᠡ ᠡᠴᠡ ᠪᠤᠰᠤᠳ ᠬᠡᠭᠡᠷᠡᠯᠡᠨ ᠭᠦᠶᠦᠯᠲᠡ᠂ ᠠᠯᠬᠤᠯᠲᠠ ᠵᠡᠷᠭᠡ ᠤᠷᠤᠯᠳᠤᠭᠠᠨ ᠨᠤᠭᠤᠳ ᠢ ᠵᠤᠬᠢᠶᠠᠨ ᠪᠠᠶᠢᠭᠤᠯᠤᠨ᠎ᠠ ᠭᠡᠵᠡᠢ᠃


ᠢᠷᠡᠯᠳᠡ : 

ᠰᠢᠨᠬᠤᠸᠠ ᠬᠤᠷᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ