1.jpg

ᠬᠠᠶᠢᠯᠠᠷ ᠲᠠᠬᠢ ᠨᠢᠬᠡᠲᠦᠬᠡᠷ ᠲᠤᠮᠲᠠᠲᠦ ᠰᠤᠷᠭᠠᠭᠤᠯᠢ ᠶᠢᠨ ᠡᠮᠡᠭᠲᠠᠢ ᠶᠢᠨ ᠬᠦᠯ ᠪᠦᠮᠪᠦᠭᠡ ᠶᠢᠨ ᠠᠩᠬᠢ 2018 ᠤᠨ ᠤ 6 ᠰᠠᠷ᠎ᠠ ᠳᠤ ᠶᠠᠪᠤᠭᠳᠠᠭᠰᠠᠨ ᠪᠦᠬᠦ ᠤᠷᠤᠨ ᠤ《 ᠲᠡᠷᠢᠬᠦᠯᠡᠭᠴᠢ ᠬᠤᠨᠳᠠᠭᠠᠲᠦ》ᠰᠤᠷᠭᠠᠭᠤᠯᠢ ᠶᠢᠨ ᠬᠦᠷᠢᠶᠠᠨ ᠤ ᠲᠦᠷᠪᠡᠨ ᠲᠡᠰ ᠤᠨ ᠬᠤᠯᠪᠤᠭᠠᠲᠦ ᠤᠷᠤᠯᠲᠤᠭᠠᠨ ᠳᠤ ᠬᠤᠶᠠᠲᠤᠭᠠᠷ ᠪᠠᠶᠢᠷᠢᠨ ᠳᠤ ᠲᠤᠲᠤᠷᠠᠭᠰᠠᠨ ᠰᠢᠯᠢᠳᠡᠭ ᠠᠮᠵᠢᠯᠳᠠ ᠡᠬᠦᠳᠴᠤ᠂ ᠮᠦᠨᠴᠦ ᠬᠦᠯᠦᠨ ᠪᠤᠶᠢᠷ ᠬᠤᠳᠠ ᠪᠠᠨ ᠲᠦᠯᠦᠬᠡᠯᠡᠨ ᠪᠦᠬᠦ ᠤᠷᠤᠨ ᠤ ᠠᠷᠪᠠᠨ ᠲᠦᠷᠪᠡᠲᠦᠬᠡᠷ ᠬᠤᠭᠤᠴᠠᠭᠠᠨ ᠤ ᠪᠡᠶ᠎ᠠ ᠶᠢᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠶᠤᠮ᠃ ᠲᠤᠰ ᠬᠦᠯ ᠪᠦᠮᠪᠦᠭᠡ ᠶᠢᠨ ᠠᠩᠬᠢ ᠶᠢᠨ ᠰᠤᠷᠭᠠᠭᠴᠢ ᠪᠠᠷ ᠬᠠᠭᠤᠴᠢᠨ ᠪᠠᠷᠭᠤ ᠬᠤᠰᠢᠭᠤ ᠨᠤᠲᠤᠭ ᠲᠠᠢ᠂ᠬᠦᠯ ᠪᠦᠮᠪᠦᠭᠡ ᠶᠢᠨ ᠲᠠᠯᠠᠪᠠᠢ ᠳᠤ ᠬᠤᠷᠲᠤ ᠪᠠᠷ ᠢᠶᠠᠨ ᠤᠯᠠᠨ ᠳᠤ ᠲᠠᠨᠢᠭᠳᠠᠭᠰᠠᠨ ᠬᠦᠭᠵᠢᠯᠲᠦ ᠪᠠᠭᠰᠢ ᠠᠵᠢᠯᠯᠠᠳᠠᠭ ᠠᠵᠢ᠃ ᠲᠡᠷᠡ2014 ᠤᠨ ᠠᠴᠠ ᠬᠠᠶᠢᠯᠠᠷ ᠲᠠᠬᠢ ᠨᠢᠬᠡᠲᠦᠬᠡᠷ ᠲᠤᠮᠲᠠᠲᠦ ᠰᠤᠷᠭᠠᠭᠤᠯᠢ ᠶᠢᠨ ᠬᠦᠯ ᠪᠦᠮᠪᠦᠭᠡ ᠶᠢᠨ ᠠᠩᠬᠢ ᠶᠢᠨ ᠰᠤᠷᠭᠠᠭᠴᠢ ᠪᠤᠯᠵᠤ᠂ᠲᠡᠬᠦᠨ ᠤ ᠵᠢᠯᠤᠭᠤᠳᠤᠭᠰᠠᠨ ᠬᠦᠯ ᠪᠦᠮᠪᠦᠭᠡ ᠶᠢᠨ ᠠᠩᠬᠢ ᠨᠢ ᠲᠦᠷᠪᠡᠨ ᠵᠢᠯ ᠲᠠᠷᠠᠭᠠᠯᠠᠨ ᠪᠦᠬᠦ ᠬᠤᠳᠠ ᠶᠢᠨ《ᠬᠤᠳᠠ ᠶᠢᠨᠲᠠᠷᠤᠭ᠎ᠠ ᠬᠤᠨᠳᠠᠭᠠᠲᠦ》 ᠰᠤᠷᠭᠠᠭᠤᠯᠢ ᠶᠢᠨ ᠬᠦᠷᠢᠶᠠᠨ ᠤ ᠭᠤᠷᠪᠠᠨ ᠲᠡᠰ ᠤᠨ ᠬᠤᠯᠪᠤᠭᠠᠲᠦ ᠤᠷᠤᠯᠲᠤᠭᠠᠨ ᠤ ᠡᠮᠡᠭᠲᠠᠢ ᠶᠢᠨ ᠦᠨᠲᠦᠷ ᠲᠤᠮᠲᠠᠲᠦ ᠶᠢᠨ ᠲᠤᠭᠤᠢᠢᠯᠠᠩ ᠳᠤ ᠲᠦᠷᠦᠬᠦᠯᠡᠵᠤ᠂ ᠭᠤᠷᠪᠠᠨ ᠵᠢᠯ ᠪᠦᠬᠦ ᠤᠷᠤᠨ ᠤ 《ᠲᠡᠷᠢᠬᠦᠯᠡᠭᠴᠢ ᠬᠤᠨᠳᠠᠭᠠᠲᠦ》ᠰᠤᠷᠭᠠᠭᠤᠯᠢ ᠶᠢᠨ ᠬᠦᠷᠢᠶᠡᠨ ᠤ ᠲᠦᠷᠪᠡᠨ ᠲᠡᠰ ᠤᠨ ᠬᠤᠯᠪᠤᠭᠠᠲᠦ ᠤᠷᠤᠯᠲᠤᠭᠠᠨ ᠳᠤ ᠤᠷᠤᠯᠴᠠᠵᠤ᠂ ᠰᠢᠯᠢᠳᠡᠭ ᠬᠢᠷᠢ ᠪᠦᠲᠤᠮᠵᠢᠤᠯᠵᠠᠢ᠃

ᠬᠠᠶᠢᠯᠠᠷ ᠲᠠᠬᠢ ᠨᠢᠬᠡᠲᠦᠬᠡᠷ ᠲᠤᠮᠲᠠᠲᠦ ᠰᠤᠷᠭᠠᠭᠤᠯᠢ ᠶᠢᠨ ᠡᠮᠡᠭᠲᠠᠢ ᠶᠢᠨ ᠬᠦᠯ ᠪᠦᠮᠪᠦᠭᠡ ᠶᠢᠨ ᠠᠩᠬᠢ ᠤᠬᠤᠷᠬᠠᠨ ᠬᠤᠭᠤᠴᠠᠭᠠᠨ ᠳᠤ ᠦᠨᠲᠦᠷ ᠠᠮᠵᠢᠯᠳᠠ ᠶᠢ ᠪᠢᠴᠢᠭᠯᠡᠵᠤ ᠢᠷᠡᠭᠰᠡᠨ ᠨᠢ ᠬᠠᠮᠲᠦ ᠨᠡᠶᠢᠳᠡ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠬᠡᠢ ᠬᠡᠬᠦ ᠳᠤ ᠰᠤᠷᠭᠠᠭᠴᠢ ᠬᠦᠭᠵᠢᠯᠲᠦ ᠶᠢᠨ ᠤᠷᠤᠰᠬᠠᠭᠰᠠᠨ ᠬᠦᠯᠦᠰᠦ ᠬᠦᠳᠡᠯᠮᠦᠷᠢ ᠰᠢᠩᠬᠡᠵᠤ ᠪᠠᠶᠢᠭ᠎ᠠ ᠶᠢ ᠳᠤᠷᠠᠳᠬᠤ ᠦᠬᠡᠢ ᠦᠡᠭᠬᠡᠷᠡᠵᠦ ᠦᠯᠦ ᠪᠤᠯᠤᠨ᠎ᠠ᠃

2.jpg

ᠬᠦᠭᠵᠢᠯᠲᠦ ᠪᠠᠭ᠎ᠠ ᠨᠠᠰᠤᠨ ᠠᠴᠠ ᠪᠠᠨ ᠲᠠᠮᠢᠷ ᠤᠨ ᠬᠦᠳᠡᠯᠬᠡᠬᠡᠨ ᠳᠤ ᠪᠠᠭ᠋ᠠᠲᠠᠢ᠂ ᠤᠢᠢᠷ᠎ᠠ ᠲᠤᠮᠳᠠ ᠵᠠᠢ ᠶᠢᠨ ᠬᠦᠶᠤᠯᠳᠠ ᠳᠤᠦᠨᠲᠦᠷ ᠬᠢᠷᠢ ᠪᠦᠲᠦᠮᠵᠢ ᠤᠯᠵᠤ ᠤᠯᠠᠨ ᠤ ᠲᠤᠲᠤᠷ᠎ᠠ ᠪᠠᠨ ᠤᠲᠤ ᠪᠤᠯᠳᠠᠭ ᠪᠠᠶᠢᠪᠠ᠃ 2003 — 2007 ᠤᠨ ᠤᠬᠤᠭᠤᠷᠤᠨᠲᠦ ᠬᠠᠶᠢᠯᠠᠷ ᠲᠠᠬᠢ ᠨᠢᠬᠡᠲᠦᠬᠡᠷ ᠳᠤᠮᠳᠠᠳᠥ ᠰᠤᠷᠭᠠᠭᠤᠯᠢ ᠳᠤ ᠦᠨᠲᠦᠷ ᠲᠤᠮᠲᠠᠲᠦ ᠪᠠᠨ ᠰᠤᠷᠤᠯᠴᠠᠵᠤ ᠪᠠᠶᠢᠬᠤ ᠳᠠᠭᠠᠨ ᠤᠢᠢᠷ᠎ᠠ ᠵᠠᠢ ᠶᠢᠨ ᠬᠦᠶᠤᠯᠳᠠ ᠪᠤᠯᠪᠠᠰᠤᠷᠠᠬᠤ ᠶᠢᠨ ᠵᠡᠷᠬᠡ ᠪᠠᠷ ᠬᠦᠯ ᠪᠦᠮᠪᠦᠭᠡ ᠶᠢᠨ ᠲᠤᠰᠬᠠᠢ ᠮᠡᠷᠬᠡᠵᠢᠯ ᠢ ᠰᠤᠷᠤᠯᠴᠠᠵᠤ᠂ ᠶᠡᠭᠡᠰᠤᠷᠭᠠᠭᠤᠯᠢ ᠪᠠᠨ ᠪᠡᠶ᠎ᠠ ᠶᠢᠨ ᠲᠠᠮᠢᠷ ᠤᠨ ᠮᠡᠷᠬᠡᠵᠢᠯ ᠢᠶᠠᠷ ᠰᠢᠯᠭᠠᠬᠤ ᠪᠠᠷ ᠪᠡᠯᠡᠳᠬᠡᠪᠡ᠃ 2007 ᠤᠨ ᠳᠤ ᠬᠦᠯ ᠪᠦᠮᠪᠦᠭᠡ ᠶᠢᠨ ᠲᠤᠰᠬᠠᠢ ᠮᠡᠷᠬᠡᠵᠢᠯ ᠢᠶᠠᠷ ᠤᠯᠠᠭᠠᠨᠬᠠᠳᠠ ᠶᠢᠨ ᠲᠡᠬᠡᠲᠦ ᠰᠤᠷᠭᠠᠭᠤᠯᠢ ᠳᠤ ᠰᠢᠯᠭᠠᠨ ᠤᠷᠤᠵᠤ᠂ ᠲᠦᠷᠪᠡᠨ ᠵᠢᠯ ᠤᠨ ᠬᠤᠭᠤᠴᠠᠭᠠᠨ ᠳᠤᠪᠡᠶ᠎ᠠ ᠶᠢᠨ ᠲᠠᠮᠢᠷ ᠤᠨ ᠰᠡᠯᠪᠤᠷᠢ ᠳᠤ ᠬᠦᠯ ᠪᠦᠮᠪᠦᠭᠡ ᠶᠢᠨ ᠮᠡᠷᠬᠡᠵᠢᠯ ᠢ ᠰᠤᠷᠤᠯᠴᠠᠪᠠ᠃ ᠳᠡᠬᠡᠬᠡᠳ 2014 ᠤᠨ ᠳᠤ ᠬᠠᠶᠢᠯᠠᠷ ᠲᠠᠬᠢᠨᠢᠬᠡᠲᠦᠬᠡᠷ ᠲᠤᠮᠲᠠᠲᠦ ᠰᠤᠷᠭᠠᠭᠤᠯᠢ ᠶᠢᠨ ᠢᠶᠠᠨ ᠡᠮᠡᠭᠲᠠᠢ ᠶᠢᠨ ᠬᠦᠯ ᠪᠦᠮᠪᠦᠭᠡ ᠶᠢᠨ ᠠᠩᠬᠢ ᠶᠢᠨ ᠰᠤᠷᠭᠠᠭᠴᠢ ᠪᠤᠯᠤᠭᠰᠠᠨᠴᠠᠭ ᠠᠴᠠ ᠪᠠᠨ ᠰᠤᠷᠤᠭᠴᠢ ᠪᠠᠨ ᠴᠢᠩᠭ᠎ᠠ ᠱᠠᠭᠠᠷᠳᠠᠵᠤ᠂ ᠬᠦᠯ ᠪᠦᠮᠪᠦᠭᠡ ᠶᠢᠨ ᠪᠤᠯᠪᠠᠰᠤᠷᠠᠯ ᠢᠶᠠᠨ ᠰᠠᠶᠢᠵᠢᠷᠠᠭᠤᠯᠵᠤ᠂ ᠪᠠᠰᠠᠰᠤᠷᠤᠯᠭ᠎ᠠ ᠬᠢᠴᠢᠶᠡᠯ ᠢᠶᠠᠨ ᠰᠠᠶᠢᠲᠤᠷ ᠰᠤᠷᠤᠯᠴᠠᠬᠤ ᠶᠢ ᠱᠠᠭᠠᠷᠳᠠᠳᠠᠭ᠃ ᠲᠡᠬᠦᠨ ᠤ ᠵᠢᠯᠤᠭᠤᠲᠤᠯᠭ᠎ᠠ ᠪᠠᠷ 2018 ᠤᠨ ᠳᠤ ᠲᠡᠬᠦᠰᠦᠭᠰᠡᠨ ᠬᠠᠯᠢᠶ᠎ᠠ ᠬᠡᠬᠦ ᠰᠤᠷᠤᠭᠴᠢ ᠬᠦᠯ ᠪᠦᠮᠪᠦᠭᠡ ᠶᠢᠨ ᠲᠤᠰᠬᠠᠢ ᠮᠡᠷᠬᠡᠵᠢᠯ ᠢᠶᠠᠷ ᠦᠪᠦᠷ ᠮᠤᠩᠭᠤᠯ ᠤᠨ ᠶᠡᠭᠡ ᠰᠤᠷᠭᠠᠭᠤᠯᠢ ᠳᠤᠰᠢᠯᠭᠠᠭᠳᠠᠨ ᠤᠷᠤᠵᠤ᠂ ᠬᠦᠯ ᠪᠦᠮᠪᠦᠭᠡ ᠪᠠᠨ ᠦᠷᠬᠦᠯᠵᠢᠯᠡᠨ ᠢᠰᠬᠦᠯᠵᠤ ᠪᠠᠶᠢᠬᠤ ᠰᠠᠭᠤᠷᠢᠨ ᠳᠡᠬᠡᠷ᠎ᠡ ᠬᠠᠤᠯᠢ ᠴᠠᠭᠠᠵᠨ ᠶᠢᠨ ᠰᠠᠯᠪᠦᠷᠢ ᠳᠤ ᠰᠤᠷᠤᠯᠴᠠᠬᠤ ᠪᠤᠯᠵᠠᠢ᠃ ᠮᠦᠨ ᠴᠦ ᠪᠠᠰᠠ ᠨᠢᠬᠡ ᠰᠤᠷᠤᠭᠴᠢ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠪᠡᠶ᠎ᠠ ᠶᠢᠨ ᠲᠠᠮᠢᠷ ᠤᠨ ᠲᠤᠰᠬᠠᠢ ᠮᠡᠷᠬᠡᠵᠢᠯ ᠢᠶᠠᠷ ᠰᠢᠯᠭᠠᠨ ᠤᠷᠤᠵᠠᠢ᠃

ᠬᠠᠶᠢᠯᠠᠷ ᠲᠠᠬᠢ ᠨᠢᠬᠡᠲᠦᠬᠡᠷ ᠲᠤᠮᠲᠠᠲᠦ ᠰᠤᠷᠭᠠᠭᠤᠯᠢ ᠶᠢᠨ ᠡᠮᠡᠭᠲᠠᠢ ᠶᠢᠨ ᠬᠦᠯ ᠪᠦᠮᠪᠦᠭᠡ ᠶᠢᠨ ᠠᠩᠬᠢ ᠡᠨᠡ ᠵᠢᠯ ᠤᠨ 8 ᠰᠠᠷ᠎ᠠ ᠳᠤ ᠶᠠᠪᠤᠭᠳᠠᠭᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠲᠦᠬᠡᠷ ᠬᠤᠭᠤᠴᠠᠭᠠᠨ ᠤ ᠪᠠᠶ᠎ᠠ ᠶᠢᠨᠲᠠᠮᠢᠷ ᠤᠨ ᠴᠤᠭᠯᠠᠭᠠᠨ ᠤ ᠬᠦᠯ ᠪᠦᠮᠪᠦᠭᠡ ᠶᠢᠨ (ᠬᠦᠬᠡ ᠲᠤᠭᠤᠢᠢᠯᠠᠩ) ᠤᠷᠤᠯᠲᠤᠭᠠᠨ ᠳᠤ ᠮᠠᠨ ᠤ ᠬᠤᠳᠠ ᠪᠠᠨ ᠲᠦᠯᠦᠬᠡᠯᠡᠨ ᠤᠷᠤᠯᠴᠠᠵᠤ᠂ ᠲᠦᠷᠪᠡᠲᠦᠬᠡᠷ ᠪᠠᠶᠢᠷᠢᠨ ᠳᠤ ᠲᠤᠲᠤᠷᠠᠭᠰᠠᠨ ᠪᠢᠯᠡ᠃ ᠬᠦᠭᠵᠢᠯᠳᠤ᠄ 《ᠡᠳᠡᠬᠡᠷ ᠤᠯᠤᠭᠰᠠᠨ ᠠᠮᠵᠢᠯᠳᠠ ᠨᠤᠭᠤᠳ ᠰᠤᠷᠭᠠᠭᠤᠯᠢ ᠶᠢᠨ ᠲᠠᠯ᠎ᠠ ᠶᠢᠨ ᠲᠡᠮᠵᠢᠯᠬᠡ᠂ ᠪᠠᠭᠰᠢ᠂ ᠰᠤᠷᠤᠭᠴᠢᠳ ᠤᠨ ᠬᠠᠮᠲᠦ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠬᠡᠢᠶᠤᠮ》 ᠬᠡᠵᠦ ᠬᠦᠯ ᠪᠦᠮᠪᠦᠬᠡᠴᠢᠨ ᠤ ᠬᠠᠮᠲᠦᠴᠢ ᠤᠪᠤᠷ ᠢᠶᠠᠷ ᠶᠠᠷᠢᠨ᠎ᠠ᠃

3.jpg

ᠬᠦᠭᠵᠢᠯᠲᠦ ᠰᠤᠷᠭᠠᠭᠴᠢ ᠪᠤᠯᠤᠭᠰᠠᠨ ᠴᠠᠭ ᠠᠴᠠ ᠪᠠᠨ ᠬᠦᠯ ᠪᠦᠮᠪᠦᠭᠡ ᠶᠢᠨ ᠮᠡᠷᠬᠡᠵᠢᠯ ᠪᠤᠯᠤᠨ ᠤᠨᠤᠯ ᠢ ᠰᠤᠷᠤᠯᠴᠠᠵᠤ᠂ᠤᠯᠤᠰ ᠤᠨ D ᠲᠡᠰ ᠤᠨ ᠰᠤᠷᠭᠠᠭᠴᠢ ᠶᠢᠨ ᠦᠨᠡᠮᠯᠡᠯ ᠢ ᠬᠦᠷᠳᠡᠪᠠ᠃ ᠮᠦᠨ ᠴᠦ ᠠᠩᠬᠢ ᠪᠠᠨ ᠲᠠᠭᠠᠭᠤᠯᠤᠨ ᠤᠷᠤᠯᠲᠤᠭᠠᠨ ᠳᠤᠤᠷᠤᠯᠴᠠᠵᠤ ᠤᠯᠠᠨ ᠠᠮᠵᠢᠯᠳᠠ ᠳᠤ ᠬᠦᠷᠦᠭᠰᠡᠨ ᠪᠤᠯᠬᠤᠷ 2017 ᠤᠨ ᠳᠤ ᠪᠦᠬᠦ ᠤᠷᠤᠨ ᠤ ᠰᠤᠷᠭᠠᠭᠤᠯᠢ ᠶᠢᠨ ᠬᠦᠷᠢᠶᠠᠨ ᠤ ᠬᠦᠯᠪᠦᠮᠪᠦᠭᠡ ᠶᠢᠨ ᠰᠤᠷᠭᠠᠭᠴᠢ ᠶᠢ ᠭᠠᠳᠠᠭᠠᠲᠦ ᠳᠤ ᠭᠠᠷᠭᠠᠵᠤ ᠮᠡᠷᠬᠡᠵᠢᠯ ᠲᠡᠬᠡᠭᠰᠢᠯᠡᠬᠦᠯᠬᠦ ᠳᠤ ᠬᠦᠭᠵᠢᠯᠲᠤ ᠰᠤᠷᠭᠠᠭᠴᠢ ᠶᠢ ᠰᠤᠩᠭᠤᠭᠰᠠᠨ ᠢᠶᠠᠷ ᠲᠡᠷᠡ ᠠᠩᠭ᠍ᠯᠢ ᠤᠯᠤᠰ ᠲᠤ ᠤᠴᠢᠵᠦ ᠬᠦᠯ ᠪᠦᠮᠪᠦᠭᠡ ᠶᠢᠨ ᠰᠤᠷᠭᠠᠭᠴᠢ ᠶᠢᠨ ᠮᠡᠷᠬᠡᠵᠢᠯ ᠢᠶᠠᠨ ᠲᠡᠬᠡᠭᠰᠢᠯᠡᠬᠦᠯᠵᠠᠢ᠃ᠲᠡᠷᠡ ᠪᠠᠷ ᠠᠩᠭ᠍ᠯᠢ ᠤᠯᠤᠰ ᠤᠨ ᠲᠡᠷᠢᠬᠦᠨ ᠤ ᠬᠦᠯ ᠪᠦᠮᠪᠦᠭᠡ ᠶᠢᠨ ᠤᠨᠤᠯ ᠢ ᠰᠤᠷᠤᠯᠴᠠᠵᠤ᠂ ᠬᠡᠲᠤᠨ ᠵᠢᠯ ᠤᠨ ᠬᠦᠯ ᠪᠦᠮᠪᠦᠭᠡ ᠶᠢᠨᠠᠩᠬᠢ ᠲᠠᠭᠠᠭᠤᠯᠤᠭᠰᠠᠨ ᠲᠤᠷᠰᠢᠯᠭ᠎ᠠ ᠪᠠᠨ ᠳ᠋ᠦᠡᠭᠨᠡᠭᠰᠡᠨ ᠰᠠᠭᠤᠷᠢᠨ ᠳᠤ ᠰᠤᠷᠭᠠᠭᠤᠯᠢ ᠶᠢᠨ ᠢᠶᠠᠨ ᠬᠦᠯ ᠪᠦᠮᠪᠦᠭᠡ ᠶᠢᠨ ᠠᠩᠬᠢ ᠪᠠᠨᠨᠡᠩ ᠦᠨᠲᠦᠷ ᠠᠮᠵᠢᠯᠳᠠ ᠳᠤ ᠬᠦᠷᠬᠡᠬᠦ ᠪᠠᠷ ᠴᠢᠷᠮᠠᠶᠢᠨ ᠠᠵᠢᠯᠯᠠᠵᠤ᠂ ᠰᠤᠷᠤᠭᠴᠢᠳ ᠤᠨ ᠢᠶᠠᠨ ᠠᠮᠵᠢᠯᠳᠠ ᠲᠠᠢ ᠪᠠᠷ ᠶᠡᠭᠡᠰᠤᠷᠭᠠᠭᠤᠯᠢ ᠳᠤ ᠳᠠᠪᠰᠢᠨ ᠤᠷᠤᠬᠤ ᠳᠤ ᠦᠪᠡᠷ ᠤᠨ ᠬᠦᠴᠦᠨ ᠵᠢᠳᠬᠦᠯ ᠢᠶᠠᠨ ᠦᠵᠡᠬᠦᠯᠵᠤ ᠶᠠᠪᠤᠨ᠎ᠠ᠃

ᠢᠷᠡᠯᠳᠡ : 

ᠦᠪᠦᠷ ᠮᠤᠡᠭ᠌ᠭᠤᠯ ᠤᠨ ᠡᠳᠤᠷ ᠤᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ