ᠦᠪᠦᠷ ᠮᠤᠩᠭᠤᠯ ᠤᠨ ᠵᠦᠡᠭ ᠶᠢᠦ ᠭᠦᠯ ᠪᠦᠮᠪᠦᠭᠡ ᠶᠢᠨ ᠺᠯᠦ᠋ᠪ ᠤᠨ ᠳᠠᠰᠬᠠᠯᠵᠢᠭᠤᠯᠤᠭᠴᠢ ᠸᠡᠩ ᠪᠦᠸᠧ ᠲᠦᠷᠦᠭᠦᠬᠡᠨ ᠰᠤᠷᠪᠤᠯᠵᠢᠯᠠᠭ᠎ᠠ ᠭᠦᠯᠢᠶᠡᠭᠦ ᠳᠡᠭᠡᠨ᠂ ᠪᠦᠮᠪᠦᠭᠡᠨ ᠠᠩᠭᠢ ᠶᠢᠨ ᠤᠳᠤᠬᠠᠨ ᠤ ᠪᠠᠶᠢᠳᠠᠯ ᠵᠢᠴᠢ ᠢᠷᠡᠭᠡᠳᠦᠢ ᠶᠢᠨ ᠳᠤᠬᠠᠢ ᠦᠪᠡᠷ ᠤᠨ ᠦᠵᠡᠯᠳᠠ ᠪᠠᠨ ᠶᠠᠷᠢᠭᠰᠠᠨ ᠪᠠᠶᠢᠨ᠎ᠠ᠃

1.png

ᠪᠦᠮᠪᠦᠭᠡᠨ ᠠᠩᠭᠢ ᠶᠢᠨ ᠤᠳᠤᠬᠠᠨ ᠤ ᠪᠦᠮᠪᠦᠭᠡᠴᠢᠳ ᠤᠨ ᠴᠠᠯᠢᠩ ᠭᠦᠯᠦᠰᠦ ᠶᠢ ᠦᠷᠢᠳᠦᠵᠤ ᠪᠠᠶᠢᠭ᠎ᠠ ᠪᠠᠶᠢᠳᠠᠯ ᠤᠨ ᠳᠤᠬᠠᠢ ᠸᠠᠩ ᠪᠦᠸᠧ᠂ ᠪᠦᠭᠦ ᠶᠠᠪᠤᠳᠠᠯ ᠶᠠᠭ ᠰᠠᠶᠢᠬᠠᠨ ᠵᠦᠪ ᠴᠢᠭᠯᠡᠯ ᠢᠶᠠᠷ ᠤᠷᠤᠭᠰᠢᠯᠠᠵᠤ ᠪᠠᠶᠢᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠵᠢᠴᠢ ᠭᠦᠭᠡᠬᠤᠳᠠ ᠶᠢᠨ ᠬᠤᠶᠠᠷ ᠳᠠᠰ ᠤᠨ ᠵᠠᠰᠠᠭ ᠤᠨ ᠤᠷᠳᠤᠨ ᠪᠠ ᠪᠡᠶ᠎ᠠ ᠶᠢᠨ ᠳᠠᠮᠢᠷ ᠤᠨ ᠳᠤᠪᠴᠢᠶ᠎ᠠ ᠢᠳᠡᠪᠭᠢᠳᠠᠢ ᠪᠠᠷ ᠳᠤᠭᠢᠷᠠᠯᠴᠠᠭᠤᠯᠵᠤ᠂ ᠬᠦᠯᠦᠰᠦ ᠮᠦᠡᠭᠭᠦ ᠶᠢᠨ ᠠᠰᠠᠭᠤᠳᠠᠯ ᠢ ᠰᠢᠢᠳᠪᠤᠷᠢᠯᠡᠭᠦ ᠪᠠᠷ ᠪᠠᠶᠢᠨ᠎ᠠ᠃ ᠭᠡᠷᠪᠡ ᠰᠠᠨᠠᠭᠰᠠᠨ ᠠᠴᠠ ᠭᠠᠷᠬᠤ ᠦᠭᠡᠢ ᠪᠤᠯ᠂ ᠪᠦᠮᠪᠦᠭᠡᠨ ᠠᠩᠭᠢ ᠶᠢᠨ ᠴᠠᠯᠢᠩ ᠦᠷᠢᠳᠦᠵᠤ ᠪᠠᠶᠢᠭ᠎ᠠ ᠠᠰᠠᠭᠤᠳᠠᠯ ᠤᠳᠠᠬᠤ ᠦᠭᠡᠢ ᠰᠢᠢᠳᠪᠤᠷᠢᠯᠡᠭᠳᠡᠭᠦ ᠪᠦᠭᠡᠳ ᠳᠠᠷᠠᠭ᠎ᠠ ᠤᠷᠤᠯᠳᠤᠭᠠᠨ ᠤ ᠤᠯᠠᠷᠢᠯ ᠳᠤ ᠭᠦᠭᠡᠬᠤᠳᠠ ᠶᠢᠨ ᠠᠩᠭᠢ ᠨᠢ ᠪᠠᠰᠠ ᠭᠦᠭᠡ ᠳᠠᠰ ᠤᠨ ᠬᠤᠯᠪᠤᠭᠠᠳᠦ ᠤᠷᠤᠯᠳᠤᠭᠠᠨ ᠤ ᠳᠠᠯᠠᠪᠠᠢ ᠳᠡᠭᠡᠷ᠎ᠠ ᠦᠷᠭᠦᠯᠵᠢᠯᠠᠨ ᠳᠡᠮᠡᠴᠡᠭᠦ ᠪᠤᠯᠤᠨ᠎ᠠ ᠭᠡᠵᠦ ᠢᠯᠡᠷᠬᠡᠶᠢᠯᠡᠵᠠᠢ᠃

ᠳᠠᠷᠠᠭ᠎ᠠ ᠤᠷᠤᠯᠳᠤᠭᠠᠨ ᠤ ᠤᠯᠠᠷᠢᠯ ᠤᠨ ᠬᠠᠷᠠᠯᠳᠠ ᠶᠢᠨ ᠳᠤᠬᠠᠢ ᠸᠠᠩ ᠪᠦᠸᠧ《 ᠤᠨᠳᠤᠤ ᠨᠢᠭᠡ ᠵᠦᠢᠯ ᠤᠨ ᠠᠮᠢᠳᠤᠷᠠᠬᠤ ᠠᠷᠭ᠎ᠠ》 ᠶᠢ ᠰᠦᠪᠡᠭᠴᠢᠯᠡᠨ᠎ᠠ ᠭᠡᠯ᠎ᠠ᠃ ᠡᠭᠦᠪᠡᠷ ᠪᠠᠷᠠᠬᠤ ᠦᠭᠡᠢ᠂ ᠭᠤᠷᠪᠠᠨ ᠵᠢᠯ ᠤᠨ ᠳᠤᠳᠤᠷ᠎ᠠ ᠪᠦᠮᠪᠦᠭᠡᠨ ᠠᠩᠭᠢ ᠶᠢ ᠭᠡᠳᠦ ᠳᠠᠰ ᠤᠨ ᠬᠤᠯᠪᠤᠭᠠᠳᠦ ᠤᠷᠤᠯᠳᠤᠭᠠᠨ ᠳᠤ ᠤᠷᠤᠭᠤᠯᠤᠨ ᠳᠡᠰ ᠳᠡᠪᠰᠢᠭᠦᠯᠭᠦ ᠬᠤᠯᠠ ᠶᠢᠨ ᠬᠠᠷᠠᠯᠳᠠ ᠪᠠᠨ ᠳᠤᠷᠠᠳᠤᠭᠰᠠᠨ ᠪᠦᠭᠡᠳ ᠦᠪᠦᠷ ᠮᠤᠩᠭᠤᠯ ᠤᠨ ᠭᠦᠯ ᠪᠦᠮᠪᠦᠭᠡ ᠶᠢᠨ ᠠᠩᠭᠢ ᠳᠤᠮᠳᠠᠳᠤ ᠤᠯᠤᠰ ᠤᠨ ᠬᠠᠮᠤᠭ ᠤᠨ ᠦᠨᠳᠦᠷ ᠳᠦᠪᠰᠢᠨ ᠤ ᠭᠦᠯ ᠪᠦᠮᠪᠦᠭᠡ ᠶᠢᠨ ᠳᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠠᠷᠠᠯᠳᠠ ᠶᠢ ᠪᠡᠶᠡᠯᠡᠭᠦᠯᠦᠨ᠎ᠠ ᠭᠡᠰᠡᠨ ᠪᠠᠶᠢᠨ᠎ᠠ᠃ ᠦᠨᠡᠨ ᠳᠡᠭᠡᠨ᠂ ᠠᠩᠬ᠎ᠠ ᠭᠦᠬᠡᠬᠤᠳᠠ ᠶᠢᠨ ᠠᠩᠭᠢ ᠳᠤ ᠢᠷᠡᠭᠦ ᠦᠶ᠎ᠠ ᠳᠤ ᠸᠠᠩ ᠪᠦᠸᠧ ᠭᠦᠭᠡᠬᠤᠳᠠ ᠶᠢᠨ ᠠᠩᠭᠢ ᠶᠢ ᠳᠠᠭᠠᠭᠤᠯᠤᠨ ᠡᠷᠳᠠ ᠡᠳᠦᠷ ᠭᠡᠳᠦ ᠳᠠᠰ ᠤᠨ ᠬᠤᠯᠪᠤᠭᠠᠳᠦ ᠤᠷᠤᠯᠳᠤᠭᠠᠨ ᠳᠤ ᠳᠠᠰ ᠳᠠᠪᠰᠢᠨ᠎ᠠ ᠭᠡᠵᠤ ᠠᠮᠠ ᠪᠠᠷᠳᠠᠮ ᠶᠠᠷᠢᠵᠤ ᠪᠠᠶᠢᠭᠰᠠᠨ ᠪᠢᠯᠠ᠃ ᠭᠡᠪᠡᠴᠤ ᠡᠯ᠎ᠠ ᠵᠦᠢᠯ ᠤᠨ ᠮᠠᠭᠠᠳᠯᠠᠰᠢ ᠦᠭᠡᠢ ᠡᠯᠧᠮᠧᠨ᠋ᠲ ᠠᠴᠠ ᠪᠤᠯᠵᠤ᠂ ᠪᠦᠮᠪᠦᠭᠡᠨ ᠠᠩᠭᠢ ᠨᠢ ᠵᠢᠯ ᠵᠢᠯ ᠴᠡᠯᠢᠩ ᠭᠦᠯᠦᠰᠦ ᠦᠷᠢᠳᠦᠭᠰᠡᠨ ᠠᠰᠠᠭᠤᠳᠠᠯ ᠳᠤ ᠪᠠᠷᠢᠭᠳᠠᠵᠤ ᠢᠷᠡᠭᠰᠡᠨ ᠪᠦᠭᠡᠳ ᠠᠩᠭᠢ ᠶᠢᠨ ᠳᠤᠳᠤᠭᠠᠳᠦ ᠶᠢᠨ ᠪᠦᠮᠪᠦᠭᠡᠴᠢᠳ ᠨᠢ ᠴᠦ ᠳᠤᠭᠳᠠᠭᠤᠨ ᠪᠤᠰᠤ ᠪᠠᠶᠢᠵᠠᠢ᠃ ᠳᠠᠷᠠᠭ᠎ᠠ ᠤᠷᠤᠯᠳᠤᠭᠠᠨ ᠤ ᠤᠯᠠᠷᠢᠯ ᠳᠤ᠂ ᠪᠦᠮᠪᠦᠭᠡᠨ ᠠᠩᠭᠢ ᠶᠢᠨ ᠡᠩᠨᠡᠭᠡ ᠪᠠᠰᠠ ᠴᠤ ᠨᠡᠯᠢᠶᠡᠳ ᠭᠡᠮᠵᠢᠶᠠᠨ ᠤ ᠳᠤᠭᠢᠷᠠᠭᠤᠯᠤᠯᠳᠠ ᠲᠠᠢ ᠪᠤᠯᠬᠤ ᠨᠢ ᠳᠠᠮᠵᠢᠭ ᠦᠭᠡᠢ᠂ ᠬᠤᠶᠠᠷ ᠭᠠᠪᠢᠶᠠᠳᠦ ᠭᠠᠳᠠᠭᠠᠳᠦ ᠪᠦᠮᠪᠦᠭᠡᠴᠢᠨ ᠳ᠋ᠤᠷᠢ ᠪᠠ ᠰᠠᠩᠭᠧᠷ ᠢᠶᠠᠨ ᠦᠯᠡᠳᠡᠭᠡᠭᠦ ᠠᠴᠠ ᠭᠠᠳᠠᠨ᠎ᠠ ᠪᠠᠰᠠ ᠨᠡᠯᠢᠶᠡᠳ ᠭᠦᠴᠦᠷᠭᠡᠭ ᠭᠡᠳᠦᠨ ᠤᠯᠤᠰ ᠤᠨ ᠳᠤᠳᠤᠭᠠᠳᠦ ᠶᠢᠨ ᠪᠦᠮᠪᠦᠭᠡᠴᠢᠨ ᠢᠶᠠᠨ ᠴᠤ ᠦᠯᠡᠳᠡᠭᠡᠭᠦ ᠴᠢᠬᠤᠯᠠᠳᠠᠢ ᠪᠠᠶᠢᠨ᠎ᠠ᠃ ᠡᠭᠦᠨ ᠠᠴᠠ ᠭᠠᠳᠠᠨ᠎ᠠ᠂ ᠢᠷᠡᠭᠡᠳᠦᠢ ᠳᠤ ᠠᠩᠭᠢ ᠳᠤᠳᠤᠷ᠎ᠠ ᠪᠠᠨ ᠳ᠋ᠸᠡᠭ ᠬᠠᠨ ᠸᠧᠨ ᠰᠢᠭ ᠤᠯᠤᠰ ᠤᠨ ᠠᠩᠭᠢ ᠶᠢᠨ ᠪᠦᠮᠪᠦᠭᠡᠴᠢᠨ ᠭᠡᠳᠦ ᠶᠢ ᠭᠦᠮᠦᠵᠢᠭᠦᠯᠤᠨ᠎ᠠ ᠭᠡᠵᠦ ᠸᠠᠩ ᠪᠦᠸᠧ ᠪᠠᠰᠠ ᠢᠯᠡᠷᠭᠡᠶᠢᠯᠡᠵᠦ ᠪᠠᠶᠢᠯ᠎ᠠ᠃

ᠡᠨᠡ ᠤᠷᠤᠯᠳᠤᠭᠠᠨ ᠤ ᠤᠯᠠᠷᠢᠯ ᠤᠨ ᠴᠠᠯᠢᠩ ᠭᠦᠯᠦᠰᠦ ᠦᠷᠢᠳᠦᠵᠤ ᠪᠠᠶᠢᠭ᠎ᠠ ᠠᠰᠠᠭᠤᠳᠠᠯ ᠢᠶᠠᠨ ᠰᠢᠢᠳᠪᠤᠷᠢᠯᠡᠭᠰᠡᠨ ᠤ ᠰᠡᠭᠦᠯᠡᠷ ᠂ ᠦᠪᠦᠷ ᠮᠤᠩᠭᠤᠯ ᠤᠨ ᠨᠤᠳᠤᠭ ᠤᠨ ᠠᠵᠤ ᠠᠬᠤᠢᠢᠯᠠᠯ ᠺᠯᠦ᠋ᠪ ᠲᠤ ᠭᠦᠷᠦᠩᠭᠡ ᠤᠷᠤᠭᠤᠯᠬᠤ ᠰᠠᠨᠠᠭ᠎ᠠ ᠲᠠᠢ ᠪᠠᠶᠢᠭ᠎ᠠ ᠶᠤᠮ ᠪᠠᠶᠢᠨ᠎ᠠ᠃ ᠢᠡᠭᠭᠢᠪᠡᠯ ᠺᠯᠦ᠋ᠪ ᠨᠢ ᠴᠤ ᠵᠦᠪ ᠵᠠᠮ ᠳᠤ ᠤᠷᠤᠬᠤ ᠵᠠᠪᠰᠢᠶᠠᠨ ᠲᠠᠢ᠃ ᠤᠢᠢᠯᠠᠭᠠᠭᠰᠠᠨ ᠢᠶᠠᠷ᠂ ᠳᠤᠰ ᠭᠦᠷᠦᠩᠭᠡ ᠤᠷᠤᠭᠤᠯᠬᠤ ᠭᠡᠵᠤ ᠪᠠᠶᠢᠭ᠎ᠠ ᠠᠵᠤ ᠠᠬᠤᠢᠢᠯᠠᠯ ᠨᠢ ᠮᠠᠰᠢ ᠴᠢᠩᠭ᠎ᠠ ᠭᠦᠴᠦᠨ ᠴᠢᠳᠠᠯ ᠲᠠᠢ ᠪᠦᠭᠡᠳ ᠭᠦᠯ ᠪᠦᠮᠪᠦᠭᠡ ᠳᠤ ᠶᠡᠭᠡ ᠰᠤᠨᠢᠷᠬᠠᠯᠳᠠᠢ ᠭᠡᠰᠡᠨ ᠪᠠᠶᠢᠨ᠎ᠠ᠃ ᠳᠠᠷᠠᠴᠢᠯᠠᠨ ᠭᠦᠭᠡᠬᠤᠳᠠ ᠶᠢᠨ ᠠᠩᠭᠢ ᠶᠢᠨ ᠡᠨᠡ ᠭᠡᠳᠦᠨ ᠵᠢᠯ ᠤᠨ ᠤᠯᠠ ᠮᠦᠷ ᠢ ᠰᠠᠶᠢᠨ ᠤᠢᠢᠯᠠᠭᠠᠬᠤ ᠪᠦᠭᠡᠳ ᠸᠠᠩ ᠪᠦᠸᠧ ᠶᠢᠨ ᠠᠩᠭᠢ ᠳᠠᠭᠠᠨ ᠪᠤᠴᠠᠵᠤ ᠢᠷᠡᠭᠰᠡᠨ ᠵᠡᠷᠭᠡ ᠠᠴᠠ ᠪᠦᠮᠪᠦᠭᠡᠨ ᠠᠩᠭᠢ ᠶᠢᠨ ᠦᠨᠡᠭᠡᠷ ᠮᠦᠷᠦᠭᠡᠳᠤᠯ ᠲᠠᠢ ᠭᠦᠭᠡᠭᠡᠴᠡᠯᠳᠤᠯ ᠲᠠᠢ ᠪᠠᠶᠢᠭ᠎ᠠ ᠶᠢ ᠮᠡᠳᠡᠷᠡᠭᠰᠡᠨ ᠪᠠᠶᠢᠨ᠎ᠠ᠃

ᠭᠡᠷᠪᠡ ᠠᠯᠢᠪᠠ ᠪᠦᠭᠦᠨ ᠤᠷᠤᠭᠰᠢᠳᠠᠢ ᠪᠤᠯ᠂ ᠳᠠᠷᠠᠭ᠎ᠠ ᠤᠷᠤᠯᠳᠤᠭᠠᠨ ᠤ ᠤᠯᠠᠷᠢᠯ ᠳᠤ ᠭᠦᠭᠡᠬᠤᠳᠠ ᠶᠢᠨ ᠠᠩᠭᠢ ᠨᠢ ᠤᠤᠯ ᠤᠨ ᠬᠢ ᠪᠠᠨ ᠰᠢᠭ᠋ ᠵᠢᠯ ᠵᠢᠯ ᠳᠠᠰ ᠬᠠᠮᠠᠭᠠᠯᠠᠬᠤ ᠶᠢᠨ ᠳᠦᠯᠦᠭᠡ ᠳᠡᠮᠡᠴᠡᠵᠤ᠂ ᠵᠢᠯ ᠵᠢᠯ ᠴᠠᠯᠢᠩ ᠦᠷᠢᠳᠦᠭᠰᠡᠨ ᠱᠠᠯᠴᠢᠭ ᠲᠤ ᠳᠡᠯᠴᠢᠯᠡᠳᠡᠭ ᠠᠩᠭᠢ ᠪᠢᠰᠢ ᠪᠤᠯᠵᠤ᠂ ᠳᠠᠯ᠎ᠠ ᠨᠤᠳᠤᠭ ᠤᠨ ᠭᠦᠯ ᠪᠦᠮᠪᠦᠭᠡ ᠶᠢᠨ ᠦᠡᠭᠭᠡ ᠭᠢᠯᠪᠠᠭ᠎ᠠ ᠶᠢ ᠳᠠᠬᠢᠨᠳᠠ ᠰᠠᠴᠤᠷᠠᠭᠤᠯᠵᠤ᠂ ᠦᠪᠦᠷ ᠮᠤᠩᠭᠤᠯ ᠤᠨ ᠳᠠᠯᠠᠭᠡᠢ ᠳ᠋ᠠᠭᠢᠨ ᠲᠠᠢ ᠤᠢᠢᠯᠠᠭᠠᠯᠴᠠᠬᠤ ᠪᠠᠰᠠ ᠨᠢᠭᠡᠨ ᠨᠡᠷ᠎ᠠ ᠶᠢᠨ ᠬᠠᠭᠤᠳᠠᠰᠤ ᠪᠤᠯᠬᠤ ᠨᠢ ᠳᠠᠮᠵᠢᠭ ᠦᠭᠡᠢ ᠪᠢᠵᠠ ᠡ᠃ ᠳᠤᠬᠠᠢ ᠶᠢᠨ ᠭᠠᠵᠠᠷ ᠤᠨ ᠴᠠᠭ ᠢᠶᠠᠷ᠂ 12 ᠰᠠᠷ᠎ᠠ ᠶᠢᠨ 3 ᠤ ᠡᠳᠦᠷ᠂ 2018 ᠤᠨ ᠤ ᠠᠯᠳᠠᠨ ᠪᠦᠮᠪᠦᠭᠡ ᠶᠢᠨ ᠱᠠᠩᠨᠠᠯ ᠤᠯᠭᠤᠬᠤ ᠶᠤᠰᠤᠯᠠᠯ ᠹᠷᠠᠨᠼᠢ ᠶᠢᠨ ᠫᠠᠷᠢᠰ ᠬᠤᠳᠠᠨ᠎ᠠ ᠦᠪᠡᠳᠡᠭᠰᠢ ᠶᠡᠭᠡᠪᠡᠷ ᠶᠠᠪᠤᠭᠳᠠᠵᠤ᠂ ᠬᠦᠯ ᠪᠦᠮᠪᠦᠭᠡ ᠶᠢᠨ ᠳᠠᠪᠴᠠᠩ ᠤᠨ ᠬᠠᠮᠤᠭ ᠤᠨ ᠳᠤᠮᠤ ᠱᠠᠩᠨᠠᠯ ᠪᠤᠯᠬᠤ《 ᠠᠯᠳᠠᠨ ᠪᠦᠮᠪᠦᠭᠡ》 ᠶᠢᠨ ᠡᠵᠡᠨ ᠢᠶᠠᠷ ᠺᠷᠦᠲ᠋ᠢᠶ᠎ᠠ ᠶᠢᠨ ᠤᠳᠤᠨ ᠪᠦᠮᠪᠦᠭᠡᠴᠢᠨ ᠮᠧᠳ᠋ᠷᠢᠴᠢ ᠳᠤᠳᠤᠷᠠᠭᠰᠠᠨ ᠪᠠᠶᠢᠨ᠎ᠠ᠃ ᠮᠧᠳ᠋ᠷᠢᠴᠢ ᠨᠢ ᠬᠠᠭᠠᠨ ᠮᠠᠳ᠋ᠷᠢᠳ᠋ ᠪᠠᠭ ᠤᠨ ᠬᠠᠮᠳᠦ ᠡᠸᠦ᠋ᠷᠦᠫᠠ ᠶᠢᠨ ᠺᠯᠦ᠋ᠪ ᠤᠨ ᠠᠪᠤᠷᠭᠤᠴᠤᠤᠯ ᠤᠨ ᠬᠤᠯᠪᠤᠭᠠᠳᠦ ᠤᠷᠤᠯᠳᠤᠭᠠᠨ ᠳᠤ 3 ᠵᠢᠯ ᠳᠠᠷᠠᠭᠠᠯᠠᠨ ᠮᠠᠩᠯᠠᠶᠢᠯᠠᠵᠤ᠂ ᠡᠨᠡ ᠵᠢᠯ ᠤᠨ ᠳᠡᠯᠡᠭᠡᠢ ᠶᠢᠨ ᠬᠤᠨᠳᠠᠭᠠᠳᠦ ᠤᠷᠤᠯᠳᠤᠭᠠᠨ ᠳᠤ ᠺᠷᠦᠲ᠋ᠢᠶ᠎ᠠ ᠶᠢᠨ ᠠᠩᠭᠢ ᠶᠢᠨ ᠬᠠᠮᠳᠦ ᠳᠡᠳ᠋ᠯᠡᠭᠰᠡᠨ ᠪᠠᠶᠢᠳᠠᠭ᠃

ᠢᠷᠡᠯᠳᠡ : 

ᠦᠪᠤᠷ ᠮᠤᠡᠭᠭᠤᠯ ᠤᠨ ᠡᠳᠤᠷ ᠤᠨ ᠰᠤᠨᠢᠨ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ