2.jpg

— ᠪᠦᠦ ᠵᠤᠭᠰᠤ︕ ᠭᠦᠳᠡᠯᠭᠡᠭᠡᠨ ᠬᠤᠷᠳᠤᠨ ᠪᠠᠶᠢᠬᠤ ᠭᠡᠷᠡᠭᠳᠠᠢ᠃

— ᠳᠤᠯᠤᠭᠠᠢ ᠪᠠᠨ ᠦᠨᠳᠡᠶᠢᠯᠭᠡᠭᠡᠴᠢ︕ ᠪᠢᠳᠠᠭᠡᠢ ᠳᠤᠷᠤᠭᠰᠢ ᠬᠠᠷᠠᠭᠠᠳ ᠪᠦᠮᠪᠦᠭᠡ ᠡᠵᠡᠮᠳᠠ᠃

— ᠪᠦᠮᠪᠦᠭᠡ ᠪᠠᠨ ᠰᠠᠶᠢᠬᠠᠨ ᠳᠠᠮᠵᠢᠭᠤᠯ︕ ᠠᠯᠳᠠᠭ᠎ᠠ ᠳᠤᠳᠠᠭᠤ ᠭᠠᠷᠭ᠎ᠠ ᠁

ᠤᠢᠢᠷ᠎ᠠ ᠶᠢᠨ ᠬᠠᠭᠠᠰ ᠵᠢᠯ ᠤᠨ ᠳᠤᠷᠰᠢ᠂ ᠪᠠᠷᠤᠭ ᠡᠳᠦᠷ ᠪᠦᠷᠢ ᠶᠢᠨ ᠦᠳᠠ ᠶᠢᠨ ᠬᠤᠶᠢᠨ᠎ᠠ᠂ ᠤᠯᠠᠭᠠᠨᠬᠤᠳᠠ ᠶᠢᠨ ᠰᠤᠯᠤᠩᠭᠤᠰ ᠦᠨᠳᠦᠰᠦᠳᠠᠨ ᠤ ᠰᠤᠷᠭᠠᠭᠤᠯᠢ ᠶᠢᠨ ᠭᠦᠯ ᠪᠦᠮᠪᠦᠭᠡ ᠶᠢᠨ ᠳᠠᠯᠠᠪᠠᠢ ᠳᠡᠭᠡᠷ᠎ᠠ 70 ᠭᠠᠷᠤᠭᠰᠠᠨ ᠠᠬᠠᠮᠠᠳ ᠳᠠᠰᠬᠠᠯᠵᠢᠭᠤᠯᠤᠭᠴᠢ ᠶᠠᠩ ᠯᠸᠢ ᠶᠢᠨ ᠦᠷᠭᠡᠨ ᠬᠤᠭᠤᠯᠠᠢ ᠪᠠᠷ ᠵᠢᠭᠠᠨ ᠵᠢᠯᠤᠭᠤᠳᠬᠤ ᠳᠠᠭᠤᠨ ᠪᠠᠶᠢᠩᠭᠤ ᠰᠤᠨᠤᠰᠳᠠᠨ᠎ᠠ᠃ ᠪᠢᠴᠢᠬᠠᠨ ᠪᠦᠮᠪᠦᠭᠡᠴᠢᠳ ᠤᠨ ᠤᠢᠢᠯᠠᠭᠠᠬᠤ ᠦᠭᠡᠢ ᠵᠦᠢᠯ ᠪᠠᠶᠢᠪᠠᠯ᠂ ᠳᠠᠷᠠ ᠦᠪᠠᠷ ᠢᠶᠠᠨ ᠵᠢᠱᠢᠶ᠎ᠠ ᠦᠵᠡᠭᠦᠯᠵᠤ ᠭᠦᠳᠡᠯᠭᠡᠭᠡᠨ ᠢ ᠭᠦᠢᠴᠡᠳᠭᠡᠨ᠎ᠠ᠂ ᠨᠠᠰᠤᠳᠠᠨ ᠤ ᠭᠦᠡᠭᠭᠡᠨ ᠱᠠᠯᠠᠮᠠᠭᠠᠢ ᠭᠦᠳᠡᠯᠤᠯ ᠠᠴᠠ ᠳᠡᠭᠦᠨ ᠢ 70 ᠭᠠᠷᠤᠭᠰᠠᠨ ᠨᠠᠰᠤᠳᠠᠨ ᠭᠡᠵᠤ ᠢᠳᠡᠭᠡᠵᠤ ᠶᠠᠳᠠᠮᠠᠷ ᠶᠤᠮ᠃  《 ᠠᠳᠡᠭᠢ ᠬᠡᠤᠭᠡᠳ ᠤᠳ ᠤᠨ ᠪᠠᠶ᠎ᠠ ᠮᠠᠬᠠᠪᠤᠳ ᠤᠨ ᠤᠤᠷ ᠴᠢᠨᠠᠷ ᠮᠠᠰᠢ ᠰᠠᠶᠢᠨ᠂ ᠬᠠᠷᠠᠬᠠᠨ ᠪᠠᠭ᠎ᠠ ᠠᠴᠠ ᠪᠠᠨ ᠦᠨᠳᠦᠷ ᠳᠦᠪᠰᠢᠨ ᠤ ᠪᠤᠯᠪᠠᠰᠤᠷᠠᠯ ᠭᠦᠷᠳᠡᠪᠡᠯ ᠬᠤᠵᠢᠮ ᠯᠠᠪᠳᠠᠢ ᠭᠦᠯ ᠪᠦᠮᠪᠦᠭᠡ ᠶᠢᠨ ᠴᠢᠳᠠᠪᠤᠷᠢᠳᠠᠨ ᠪᠤᠯᠵᠤ ᠴᠢᠳᠠᠨ᠎ᠠ》 ᠭᠦᠯ ᠪᠦᠮᠪᠦᠭᠡ ᠶᠢᠨ ᠳᠤᠮᠤ ᠮᠤᠵᠢ ᠯᠢᠶᠤᠤᠨᠢᠩ ᠳᠤ ᠨᠢᠭᠡ ᠨᠠᠰᠤ ᠪᠠᠷ ᠢᠶᠠᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠪᠤᠯᠪᠠᠰᠤᠷᠠᠯ ᠤᠨ ᠠᠵᠢᠯ ᠭᠢᠭᠰᠡᠨ ᠶᠠᠩ ᠯᠸᠢ ᠭᠢᠨᠭ᠍ᠭᠠᠨ ᠠᠶᠢᠮᠠᠭ ᠤᠨ ᠵᠠᠯᠠᠭᠤᠴᠤᠳ ᠤᠨ ᠪᠤᠯᠪᠠᠰᠤᠷᠠᠯ ᠤᠨ ᠳᠦᠰᠦᠪ ᠲᠤ ᠰᠡᠳᠭᠢᠯ ᠭᠦᠳᠡᠯᠵᠤ᠂ ᠡᠭᠡ ᠨᠤᠳᠤᠭ ᠮᠦᠭᠳᠡᠨ ᠠᠴᠠ ᠪᠠᠨ ᠰᠠᠯᠤᠨ ᠤᠯᠠᠭᠠᠨᠬᠤᠳᠠ ᠳᠤ ᠢᠷᠠᠵᠤ᠂ ᠭᠢᠨᠭ᠍ᠭᠠᠨ ᠠᠶᠢᠮᠠᠭ ᠤᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠰᠢᠯᠢᠳᠡᠭᠴᠤᠤᠯ ᠢ ᠭᠦᠮᠦᠵᠢᠭᠦᠯᠭᠦ ᠪᠤᠯᠪᠠᠰᠤᠷᠠᠯ ᠤᠨ ᠠᠵᠢᠯ ᠳᠤ ᠤᠷᠤᠯᠴᠠᠭᠰᠠᠨ ᠨᠢ ᠡᠨᠡ ᠪᠠᠶᠢᠵᠠᠢ᠃

3.jpg

 2017 ᠤᠨ ᠤ 8 ᠰᠠᠷ᠎ᠠ ᠳᠤ᠂ ᠤᠨᠴᠠᠭᠠᠢ ᠠᠪᠢᠶᠠᠰ ᠲᠠᠢ ᠵᠠᠯᠠᠭᠤ ᠪᠠᠭ᠎ᠠ ᠭᠦᠯ ᠪᠦᠮᠪᠦᠭᠡ ᠶᠢᠨ ᠴᠢᠳᠠᠪᠤᠷᠢᠳᠠᠨ ᠤ ᠡᠭᠢ ᠪᠠᠶᠠᠯᠢᠭ ᠢ ᠪᠦᠭᠦ ᠳᠠᠯ᠎ᠠ ᠪᠠᠷ ᠭᠦᠭᠵᠢᠭᠦᠯᠭᠦ ᠶᠢᠨ ᠳᠦᠯᠦᠭᠡ᠂ ᠰᠤᠷᠭᠠᠨ ᠭᠦᠮᠦᠵᠢᠯ ᠤᠨ ᠰᠠᠯᠠᠭ᠎ᠠ ᠮᠦᠴᠢᠷ ᠭᠢᠭᠡᠳ ᠪᠡᠶ᠎ᠡ ᠶᠢᠨ ᠳᠠᠮᠢᠷ ᠤᠨ ᠰᠠᠯᠠᠭ᠎ᠠ ᠮᠦᠴᠢᠷ ᠤᠨ ᠬᠢᠨ ᠤ ᠬᠠᠮᠳᠦ ᠶᠢᠨ ᠴᠢᠷᠮᠠᠶᠢᠯᠭ᠎ᠠ ᠪᠠᠷ᠂ ᠭᠢᠨᠭ᠍ᠭᠠᠨ ᠠᠶᠢᠮᠠᠭ ᠤᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠰᠢᠯᠢᠳᠡᠭᠴᠤᠤᠯ ᠤᠨ ᠪᠤᠯᠪᠠᠰᠤᠷᠠᠯ ᠤᠨ ᠳᠦᠪ ᠤᠯᠠᠭᠠᠨᠬᠤᠳᠠ ᠶᠢᠨ ᠰᠤᠯᠤᠩᠭᠤᠰ ᠦᠨᠳᠦᠰᠦᠳᠠᠨ ᠤ ᠰᠤᠷᠭᠠᠭᠤᠯᠢ ᠳᠤ ᠪᠠᠶᠢᠷᠢᠯᠠᠬᠤ ᠪᠠᠷ ᠪᠤᠯᠵᠤ᠂ ᠪᠦᠭᠦ ᠠᠶᠢᠮᠠᠭ ᠤᠨ ᠭᠡᠪᠴᠢᠶᠠᠨ ᠠᠴᠠ 30 ᠭᠠᠷᠤᠢ 2009 — 2010 ᠤᠨ ᠳᠤ ᠳᠦᠷᠦᠭᠰᠡᠨ ᠬᠡᠤᠭᠡᠳ ᠢ ᠡᠯᠰᠡᠨ ᠠᠩᠬᠠᠨ ᠤ ᠪᠦᠯᠦᠭ ᠰᠤᠷᠤᠭᠴᠢ ᠪᠤᠯᠭᠠᠵᠤ᠂ ᠪᠠᠭ᠎ᠠ ᠰᠤᠷᠭᠠᠭᠤᠯᠢ ᠠᠴᠠ ᠳᠡᠭᠡᠳᠦ ᠳᠤᠮᠳᠠᠳᠤ ᠰᠤᠷᠭᠠᠭᠤᠯᠢ ᠳᠡᠭᠦᠰᠳᠡᠯᠡᠭᠢ 12 ᠵᠢᠯ ᠤᠨ ᠬᠤᠭᠤᠴᠠᠭᠠᠨ ᠳᠤ᠂ ᠡᠳᠡᠭᠡᠷ ᠭᠡᠤᠭᠡᠳ ᠤᠯᠤᠰ ᠤᠨ ᠳᠤᠳᠤᠭᠠᠳᠦ ᠶᠢᠨ ᠦᠨᠳᠦᠷ ᠭᠢᠷᠢ ᠳᠦᠪᠰᠢᠨ ᠤ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠳᠠᠰᠬᠠᠯᠵᠢᠭᠤᠯᠤᠭᠴᠢ ᠶᠢᠨ ᠪᠤᠯᠪᠠᠰᠤᠷᠠᠯ ᠢ ᠭᠦᠷᠳᠡᠭᠦ ᠪᠤᠯᠤᠨ᠎ᠠ᠃

— ᠰᠢᠯᠢᠳᠡᠭᠴᠤᠤᠯ ᠤᠨ ᠪᠤᠯᠪᠠᠰᠤᠷᠠᠯ ᠤᠨ ᠳᠦᠪ ᠪᠠᠶᠢᠭᠤᠯᠤᠭᠳᠠᠭᠰᠠᠨ ᠨᠢ ᠪᠢᠳᠠᠨ ᠤ ᠦᠡᠭᠭᠡᠷᠡᠭᠰᠡᠨ ᠭᠡᠳᠦᠨ ᠵᠢᠯ ᠤᠨ ᠵᠠᠯᠠᠭᠤᠴᠤᠳ ᠤᠨ ᠪᠤᠯᠪᠠᠰᠤᠷᠠᠯ ᠤᠨ ᠠᠵᠢᠯ ᠤᠨ ᠳᠤᠷᠰᠢᠯᠭ᠎ᠠ ᠶᠢᠨ ᠳ᠋ᠦᠡᠭᠨᠡᠯᠳᠠ ᠮᠦᠨ ᠭᠡᠵᠤ ᠭᠢᠨᠭ᠍ᠭᠠᠨ ᠠᠶᠢᠮᠠᠭ ᠤᠨ ᠭᠦᠯ ᠪᠦᠮᠪᠦᠭᠡ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠭᠦᠯ ᠪᠦᠮᠪᠦᠭᠡ ᠶᠢᠨ ᠬᠠᠮᠢᠶᠠᠷᠤᠯᠳᠠ ᠶᠢᠨ ᠳᠦᠪ ᠤᠨ ᠡᠷᠭᠢᠯᠡᠭᠴᠢ ᠶᠠᠨ ᠯᠢ ᠳᠠᠨᠢᠯᠴᠠᠭᠤᠯᠤᠨ᠎ᠠ᠃ 《2014 ᠤᠨ ᠠᠴᠠ ᠡᠮᠦᠨ᠎ᠠ᠂ ᠭᠢᠨᠭ᠍ᠭᠠᠨ ᠠᠶᠢᠮᠠᠭ ᠤᠨ ᠭᠦᠯ ᠪᠦᠮᠪᠦᠭᠡ ᠶᠢᠨ ᠭᠦᠭᠵᠢᠯᠳᠠ ᠨᠢ ᠪᠠᠷᠤᠭ ᠯᠠ 30 ᠵᠢᠯ ᠳᠠᠰᠤᠷᠠᠭᠰᠠᠨ ᠭᠡᠵᠤ ᠭᠡᠯᠡᠵᠤ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤᠯᠤᠰ ᠤᠨ ᠠᠩᠬᠠᠳᠠᠭᠴᠢ ᠭᠦᠯ ᠪᠦᠮᠪᠦᠭᠡ ᠶᠢᠨ ᠭᠦᠭᠵᠢᠭᠦᠯᠦᠯᠳᠠ ᠦᠭᠡᠷᠡᠴᠢᠯᠡᠯᠳᠠ ᠶᠢᠨ ᠳᠤᠷᠰᠢᠯᠳᠠ ᠶᠢᠨ ᠴᠡᠭ ᠤᠨ ᠮᠤᠵᠢ ᠤᠷᠤᠨ ᠢᠶᠠᠷ ᠳᠤᠭᠳᠠᠭᠠᠭᠳᠠᠭᠰᠠᠨ ᠤ ᠳᠠᠷᠠᠭ᠎ᠠ᠂ ᠳᠤᠬᠠᠢ ᠶᠢᠨ ᠭᠠᠵᠠᠷ ᠤᠨ ᠭᠦᠯ ᠪᠦᠮᠪᠦᠭᠡ ᠶᠢᠨ ᠠᠵᠢᠯ ᠰᠠᠶᠢ ᠳᠠᠬᠢᠨᠳᠠ ᠡᠭᠢᠯᠡᠭᠰᠡᠨ ᠶᠤᠮ 》ᠭᠡᠵᠤ ᠳᠠᠷᠠ ᠬᠡᠯᠡᠨ᠎ᠡ᠃

4.jpg

ᠭᠦᠯ ᠪᠦᠮᠪᠦᠭᠡ ᠶᠢᠨ ᠦᠷᠢᠰᠦᠯᠳᠦᠭᠡᠨ ᠤ ᠭᠢᠷᠢ ᠳᠦᠪᠰᠢᠨ ᠪᠦᠭᠦ ᠤᠷᠤᠨ ᠳᠤ ᠳᠤᠤᠭᠤᠷ ᠪᠠᠶᠢᠷᠢᠯᠠᠭ᠎ᠠ ᠤᠳᠤᠭᠢ ᠪᠠᠶᠢᠳᠠᠯ ᠢᠶᠠᠨ ᠦᠨᠳᠦᠰᠦᠯᠠᠨ᠂ ᠭᠢᠨᠭ᠍ᠭᠠᠨ ᠠᠶᠢᠮᠠᠭ ᠰᠠᠭᠤᠷᠢ ᠠᠴᠠ ᠨᠢ ᠭᠠᠷᠳᠠᠨ ᠠᠵᠢᠯᠯᠠᠵᠤ᠂ ᠵᠠᠯᠠᠭᠤᠴᠤᠳ ᠤᠨ ᠪᠤᠯᠪᠠᠰᠤᠷᠠᠯ ᠢᠶᠠᠷ ᠠᠵᠢᠯ ᠤᠨ ᠭᠤᠤᠯᠳᠠᠯᠭ᠎ᠠ ᠪᠤᠯᠭᠠᠭᠰᠠᠨ ᠪᠠᠶᠢᠨ᠎ᠠ᠃ ᠵᠠᠯᠠᠭᠤᠴᠤᠳ ᠤᠨ ᠪᠤᠯᠪᠠᠰᠤᠷᠠᠯ ᠢ ᠠᠳᠬᠤᠬᠤ ᠳᠤ ᠭᠦᠯ ᠪᠦᠮᠪᠦᠭᠡ ᠶᠢᠨ ᠭᠦᠮᠦᠨ ᠠᠮᠠ ᠪᠤᠯ ᠵᠠᠩᠭᠢᠯᠠᠭ᠎ᠠ᠃ ᠠᠩᠬᠠᠨ ᠤ ᠭᠡᠳᠦᠨ ᠵᠢᠯ ᠳᠤ᠂ ᠶᠠᠨ ᠯᠢ ᠬᠠᠮᠳᠦ ᠠᠵᠢᠯᠯᠠᠭᠴᠢ ᠡᠸᠦ ᠶᠢᠩ ᠴᠢᠩ ᠲᠠᠢ ᠬᠤᠶᠠᠭᠤᠯᠠ ᠪᠦᠭᠦ ᠠᠶᠢᠮᠠᠭ ᠤᠨ ᠬᠤᠰᠢᠭᠤ ᠰᠢᠶᠠᠨ ᠢᠶᠠᠷ ᠪᠠᠷᠠᠳᠠᠯ᠎ᠠ ᠭᠦᠶᠦᠵᠤ᠂ ᠤᠷᠤᠯᠳᠤᠭᠠᠨ ᠡᠷᠭᠢᠯᠡᠨ ᠭᠦᠯ ᠪᠦᠮᠪᠦᠭᠡ ᠶᠢᠨ ᠵᠤᠰᠠᠯᠡᠩ ᠤᠨ ᠠᠵᠢᠯᠯᠠᠭ᠎ᠠ ᠦᠷᠨᠢᠭᠦᠯᠵᠦ ᠂ ᠭᠦᠯ ᠪᠦᠮᠪᠦᠭᠡ ᠶᠢᠨ ᠨᠠᠭᠠᠳᠤᠮ ᠳᠡᠪᠵᠢᠶ᠎ᠠ ᠡᠷᠭᠢᠯᠡᠵᠤ ᠶᠠᠪᠤᠵᠠᠢ᠃

ᠭᠦᠯ ᠪᠦᠮᠪᠦᠭᠡ ᠶᠢᠨ ᠳᠤᠷ᠎ᠠ ᠰᠤᠨᠢᠷᠬᠠᠯ ᠲᠠᠢ ᠭᠡᠤᠭᠡᠳ ᠤᠯᠠᠰᠢᠷᠠᠬᠤ ᠶᠢ ᠳᠠᠭᠠᠯᠳᠤᠨ᠂ ᠭᠡᠷᠭᠢᠨ ᠦᠨᠳᠦᠷ ᠴᠢᠨᠠᠷ ᠴᠢᠨᠰᠠᠭ᠎ᠠ ᠲᠠᠢ ᠪᠤᠯᠪᠠᠰᠤᠷᠠᠯ ᠢ ᠪᠠᠳᠤᠯᠠᠬᠤ ᠪᠤᠢ ᠭᠡᠳᠡᠭ ᠨᠢ ᠵᠠᠯᠠᠭᠤᠴᠤᠳ ᠤᠨ ᠪᠤᠯᠪᠠᠰᠤᠷᠠᠯ ᠤᠨ ᠵᠠᠩᠭᠢᠯᠠᠭ᠎ᠠ ᠪᠤᠯᠵᠤ ᠳᠤᠳᠤᠷᠠᠵᠠᠢ᠃ ᠰᠤᠳᠤᠯᠤᠨ ᠪᠠᠶᠢᠴᠠᠭᠠᠬᠤ ᠪᠠᠷ ᠳᠠᠮᠵᠢᠨ᠂ ᠶᠠᠨ ᠯᠢ ᠳᠤᠬᠠᠢ ᠶᠢᠨ ᠭᠠᠵᠠᠷ ᠤᠨ ᠪᠤᠰᠤᠳ ᠠᠵᠢᠯ ᠮᠡᠷᠭᠡᠵᠢᠯ ᠳᠤ ᠠᠵᠢᠯᠯᠠᠵᠤ ᠪᠠᠶᠢᠭ᠎ᠠ ᠭᠦᠯ ᠪᠦᠮᠪᠦᠭᠡ ᠶᠢᠨ ᠮᠡᠷᠭᠡᠵᠢᠯ ᠠᠴᠠ ᠳᠠᠷᠬᠠᠯᠠᠭᠰᠠᠨ 11 ᠪᠦᠮᠪᠦᠭᠡᠴᠢᠨ ᠪᠠᠶᠢᠭ᠎ᠠ ᠶᠢ ᠤᠢᠢᠯᠠᠭᠠᠨ ᠮᠡᠳᠡᠵᠤ᠂ ᠤᠯᠠᠨᠳᠠ ᠤᠷᠢᠨ ᠵᠠᠯᠠᠵᠤ ᠪᠠᠶᠢᠮᠠᠨᠵᠢᠨ ᠰᠠᠶ᠋ᠢ ᠡᠳᠡᠭᠡᠷ ᠮᠡᠷᠭᠡᠵᠢᠯ ᠤᠨ ᠭᠦᠮᠦᠰ ᠢ ᠰᠠᠯᠡᠭᠦᠦ ᠴᠠᠭ ᠢᠶᠠᠷ ᠢᠶᠠᠨ ᠰᠤᠷᠭᠠᠭᠤᠯᠢ ᠶᠢᠨ ᠭᠦᠯ ᠪᠦᠮᠪᠦᠭᠡ ᠶᠢᠨ ᠠᠩᠭᠢ ᠨᠤᠭᠤᠳ ᠤᠨ ᠳᠠᠰᠠᠬᠯᠵᠢᠭᠤᠯᠤᠭᠴᠢ ᠪᠤᠯᠭᠠᠬᠤ ᠪᠠᠷ ᠵᠦᠪᠰᠢᠶᠡᠷᠡᠭᠦᠯᠵᠦ᠂ ᠰᠤᠷᠭᠠᠭᠤᠯᠢ ᠶᠢᠨ ᠭᠦᠷᠢᠶᠠᠨ ᠤ ᠭᠦᠯ ᠪᠦᠮᠪᠦᠭᠡ ᠶᠢᠨ ᠳᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ ᠶᠢᠨ ᠬᠤᠮᠰᠠᠳᠠᠯ ᠢ ᠰᠢᠢᠳᠪᠤᠷᠢᠯᠡᠭᠰᠡᠨ ᠪᠠᠶᠢᠨ᠎ᠠ᠃ ᠡᠭᠦᠨ ᠤ ᠳᠠᠷᠠᠭᠠᠬᠠᠨ᠂ ᠨᠡᠩ ᠤᠯᠠᠨ ᠳᠤᠰᠬᠠᠢ ᠮᠡᠷᠭᠡᠵᠢᠯ ᠤᠨ ᠭᠦᠯ ᠪᠦᠮᠪᠦᠭᠡ ᠶᠢᠨ ᠳᠠᠰᠬᠠᠯᠵᠢᠭᠤᠯᠤᠭᠴᠢ ᠭᠢᠨᠭ᠍ᠭᠠᠨ ᠠᠶᠢᠮᠠᠭ ᠤᠨ ᠡᠯ᠎ᠠ ᠳᠤᠮᠳᠠᠳᠤ ᠪᠠᠭ᠎ᠠ ᠰᠤᠷᠭᠠᠭᠤᠯᠢ ᠶᠢᠨ ᠭᠦᠷᠢᠶᠠᠨ ᠳᠤ ᠤᠷᠤᠵᠤ ᠵᠠᠯᠠᠭᠤᠴᠤᠳ ᠤᠨ ᠪᠤᠯᠪᠠᠰᠤᠷᠠᠯ ᠤᠨ ᠠᠵᠢᠯ ᠳᠤ ᠤᠷᠤᠯᠴᠠᠭᠰᠠᠨ ᠤ ᠳᠤᠳᠤᠷ᠎ᠠ᠂ ᠶᠠᠩ ᠯᠸᠢ ᠮᠡᠳᠦ ᠶᠢᠨ ᠤᠯᠤᠰ ᠤᠨ ᠳᠤᠳᠤᠭᠠᠳᠦ ᠶᠢᠨ ᠦᠨᠳᠦᠷ ᠳᠠᠰ ᠤᠨ ᠵᠠᠯᠠᠭᠤᠴᠤᠳ ᠤᠨ ᠪᠤᠯᠪᠠᠰᠤᠷᠠᠯ ᠤᠨ ᠳᠠᠰᠬᠠᠯᠵᠢᠭᠤᠯᠤᠭᠴᠢ ᠪᠠᠶᠢᠭ᠎ᠠ ᠪᠦᠭᠡᠳ ᠪᠠᠰᠠ ᠡᠸᠦ᠋ᠷᠦᠫᠠ ᠶᠢᠨ ᠤᠯᠤᠰ ᠤᠳ ᠤᠨ ᠮᠠᠰᠢ ᠤᠯᠠᠨ ᠭᠠᠳᠠᠭᠠᠳᠦ ᠳᠠᠰᠬᠠᠯᠵᠢᠭᠤᠯᠤᠭᠴᠢ ᠴᠤ ᠪᠠᠶᠢᠳᠠᠭ᠃

5.jpg

 

 4 ᠵᠢᠯ ᠭᠠᠷᠤᠢ ᠶᠢᠨ ᠭᠦᠭᠵᠢᠯᠳᠠ ᠪᠠᠷ ᠳᠠᠮᠵᠢᠨ᠂ ᠭᠢᠨᠭ᠍ᠭᠠᠨ ᠠᠶᠢᠮᠠᠭ ᠤᠨ ᠭᠦᠯ ᠪᠦᠮᠪᠦᠭᠡ ᠵᠤᠬᠢᠬᠤ ᠭᠦᠭᠵᠢᠯᠳᠠ ᠳᠠᠪᠰᠢᠯᠳᠠ ᠲᠠᠢ ᠪᠤᠯᠵᠤ᠂ ᠡᠨᠡ ᠵᠢᠯ ᠶᠠᠪᠤᠭᠳᠠᠭᠰᠠᠨ ᠪᠦᠭᠦ ᠤᠷᠤᠨ ᠤ 14 ᠳ᠋ᠤᠭᠡᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ ᠳᠡᠭᠡᠷ᠎ᠠ᠂ ᠭᠢᠨᠭ᠍ᠭᠠᠨ ᠠᠶᠢᠮᠠᠭ ᠤᠨ ᠡᠷᠡᠭᠳᠠᠢ ᠶᠢᠨ ᠭᠦᠯ ᠪᠦᠮᠪᠦᠭᠡ ᠶᠢᠨ ᠠᠩᠭᠢ ᠨᠢ ᠰᠢᠢᠳᠪᠤᠷᠢᠳᠦ ᠤᠷᠤᠯᠳᠤᠭᠠᠨ ᠳᠤ ᠭᠦᠷᠳᠡᠯ᠎ᠠ ᠳᠠᠪᠰᠢᠵᠤ᠂ ᠴᠡᠭ ᠤᠨ ᠪᠦᠮᠪᠦᠭᠡ ᠶᠢᠨ ᠳᠡᠮᠡᠴᠡᠭᠡᠨ ᠢᠶᠠᠷ ᠬᠠᠷᠠᠮᠰᠠᠯᠳᠠᠢ ᠢᠯᠠᠭᠳᠠᠵᠤ᠂ ᠳᠡᠳ᠋ᠯᠡᠭᠰᠡᠨ ᠪᠠᠶᠢᠳᠠᠭ᠃ ᠡᠨᠡ ᠭᠦ ᠭᠢᠷᠢ ᠪᠦᠳᠦᠮᠵᠢ ᠨᠢ ᠭᠢᠨᠭ᠍ᠭᠠᠨ ᠠᠶᠢᠮᠠᠭ ᠤᠨ ᠪᠦᠭᠦ ᠤᠷᠤᠨ ᠤ ᠪᠡᠶ᠎ᠡ ᠶᠢᠨ ᠳᠠᠮᠢᠷ ᠤᠨ ᠴᠤᠭᠯᠠᠭᠠᠨ ᠤ ᠭᠦᠯ ᠪᠦᠮᠪᠦᠭᠡ ᠶᠢᠨ ᠤᠷᠤᠯᠳᠤᠭᠠᠨ ᠳᠤ ᠤᠷᠤᠯᠴᠠᠭᠰᠠᠨ ᠳᠡᠤᠭᠡ ᠶᠢᠨ ᠰᠢᠨ᠎ᠠ ᠳᠡᠮᠳᠡᠭᠯᠡᠯ ᠪᠤᠯᠤᠭᠰᠠᠨ ᠶᠤᠮ᠃

— ᠡᠶᠢᠮᠦ ᠤᠷᠳᠦ ᠬᠤᠭᠤᠴᠠᠭ᠎ᠠ ᠳᠠᠰᠤᠷᠠᠭᠰᠠᠨ ᠪᠠᠶᠢᠳᠠᠯ ᠳᠤᠤᠷ᠎ᠠ᠂ ᠭᠦᠯ ᠪᠦᠮᠪᠦᠭᠡ ᠶᠢᠨ ᠭᠦᠳᠡᠯᠭᠡᠭᠡᠨ ᠢ ᠳᠠᠭᠢᠨᠳᠠ ᠭᠦᠭᠵᠢᠭᠦᠯᠭᠦ ᠳᠤ᠂ ᠪᠢᠳᠠ ᠨᠢᠳᠦᠨ ᠡᠮᠦᠨᠡᠭᠢ ᠭᠢᠷᠢ ᠪᠦᠳᠦᠮᠵᠢ ᠡᠭᠦᠳᠭᠦ ᠳᠡᠭᠡᠷ᠎ᠠ ᠬᠠᠷᠠᠴᠠ ᠪᠠᠨ ᠳᠠᠯᠪᠢᠭ᠎ᠠ ᠦᠭᠡᠢ᠂ ᠬᠠᠷᠢᠨ ᠯᠠᠪᠳᠠᠭᠤᠨ ᠪᠠᠳᠤᠳᠠᠢ ᠰᠠᠭᠤᠷᠢ ᠳᠠᠯᠪᠢᠬᠤ ᠶᠢ ᠴᠢᠬᠤᠯᠠᠴᠢᠯᠠᠵᠤ᠂ ᠴᠠᠭ ᠬᠤᠭᠤᠴᠠᠭ᠎ᠠ ᠪᠠ ᠬᠦᠴᠦᠨ ᠴᠢᠳᠠᠯ ᠢᠶᠠᠨ ᠴᠦᠮ ᠵᠠᠯᠠᠭᠤᠴᠤᠳ ᠪᠠᠭᠠᠴᠤᠳ ᠤᠨ ᠪᠤᠯᠪᠠᠰᠤᠷᠠᠯ ᠳᠡᠭᠡᠷ᠎ᠠ ᠳᠠᠯᠪᠢᠵᠤ ᠪᠠᠶᠢᠨ᠎ᠠ ᠭᠡᠵᠤ ᠶᠠᠨ ᠯᠢ ᠶᠠᠷᠢᠨ᠎ᠠ᠃ ᠡᠨᠡ ᠵᠢᠯ ᠤᠨ ᠪᠦᠭᠦ ᠤᠷᠤᠨ ᠤ ᠪᠡᠶ᠎ᠡ ᠶᠢᠨ ᠳᠠᠮᠢᠷ ᠤᠨ ᠴᠤᠭᠯᠠᠭᠠᠨ ᠤ ᠭᠢᠨᠠᠨ ᠰᠢᠯᠭᠠᠯᠲᠠ ᠪᠠᠷ ᠳᠠᠮᠵᠢᠨ᠂ ᠦᠡᠭᠭᠡᠷᠡᠭᠰᠡᠨ ᠭᠡᠳᠦᠨ ᠵᠢᠯ ᠤᠨ ᠭᠦᠯ ᠪᠦᠮᠪᠦᠭᠡ ᠶᠢᠨ ᠬᠠᠶᠢᠨ ᠰᠦᠪᠡᠭᠴᠢᠯᠡᠯᠳᠠ ᠶᠢᠨ ᠵᠠᠮ ᠨᠢ ᠵᠦᠪ ᠭᠡᠰᠡᠨ ᠢ ᠨᠢ ᠭᠡᠷᠡᠴᠢᠯᠡᠭᠰᠡᠨ ᠪᠠᠶᠢᠨ᠎ᠠ᠃

6.jpg

ᠭᠢᠷᠢ ᠪᠦᠳᠦᠮᠵᠢ ᠭᠠᠷᠭᠠᠭᠰᠠᠨ ᠨᠢ ᠦᠨᠡᠨ ᠭᠦ ᠭᠢᠨᠭ᠍ᠭᠠᠨ ᠠᠶᠢᠮᠠᠭ ᠤᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢ ᠭᠦᠭᠵᠢᠭᠦᠯᠭᠦ ᠢᠳᠡᠭᠡᠯ ᠵᠤᠷᠢᠭ ᠢ ᠭᠦᠪᠴᠢᠯᠡᠵᠤ ᠦᠭᠭᠦᠭᠰᠡᠨ ᠪᠠᠶᠢᠨ᠎ᠠ᠃ ᠭᠢᠨᠭ᠍ᠭᠠᠨ ᠠᠶᠢᠮᠠᠭ ᠤᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠰᠢᠯᠢᠳᠡᠭᠴᠤᠤᠯ ᠤᠨ ᠳᠦᠪ ᠪᠠᠶᠢᠭᠤᠯᠤᠭᠳᠠᠭᠰᠠᠨ ᠤ ᠳᠠᠷᠠᠭ᠎ᠠ᠂ ᠤᠯᠠᠭᠠᠨᠬᠤᠳᠠ ᠶᠢᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠰᠢᠯᠢᠳᠡᠭᠴᠤᠤᠯ ᠤᠨ ᠪᠤᠯᠪᠠᠰᠤᠷᠠᠯ ᠤᠨ ᠳᠦᠪ ᠪᠠᠰᠠ ᠵᠠᠯᠭᠠᠭ᠎ᠠ ᠪᠠᠷ ᠪᠠᠶᠢᠭᠤᠯᠤᠭᠳᠠᠵᠤ᠂ ᠦᠨᠦ ᠶᠠᠨ ᠯᠢ ᠪᠤᠯᠤᠨ ᠡᠸᠦ ᠶᠢᠩ ᠴᠢᠩ ᠶᠠᠭ ᠰᠠᠶᠢᠬᠠᠨ ᠵᠠᠯᠠᠶᠢᠳ ᠬᠤᠰᠢᠭᠤᠨ ᠳᠤ ᠳᠤᠬᠠᠢ ᠶᠢᠨ ᠭᠠᠵᠠᠷ ᠤᠨ ᠵᠠᠯᠠᠭᠤᠴᠤᠳ ᠪᠠᠭᠠᠴᠤᠳ ᠤᠨ ᠭᠦᠯ ᠪᠦᠮᠪᠦᠭᠡ ᠶᠢᠨ ᠰᠢᠯᠢᠳᠡᠭᠴᠤᠤᠯ ᠤᠨ ᠪᠤᠯᠪᠠᠰᠤᠷᠠᠯ ᠤᠨ ᠳᠦᠪ ᠪᠠᠶᠢᠭᠤᠯᠬᠤ ᠪᠠᠷ ᠮᠡᠷᠡᠶᠢᠨ ᠠᠵᠢᠯᠯᠠᠵᠤ ᠪᠠᠶᠢᠭ᠎ᠠ ᠠᠵᠢ᠃

ᠳᠡᠳᠠ ᠢᠷᠡᠭᠦ ᠮᠠᠷᠭᠠᠰᠢ ᠳᠤ ᠰᠢᠯᠢᠳᠡᠭᠴᠤᠤᠯ ᠤᠨ ᠪᠤᠯᠪᠠᠰᠤᠷᠠᠯ ᠤᠨ ᠳᠦᠪ ᠨᠢ ᠭᠢᠨᠭ᠍ᠭᠠᠨ ᠠᠶᠢᠮᠠᠭ ᠤᠨ ᠭᠦᠯ ᠪᠦᠮᠪᠦᠭᠡ ᠶᠢᠨ ᠨᠠᠷ᠎ᠠ ᠶᠢᠨ ᠬᠠᠭᠤᠳᠠᠰᠤ ᠪᠤᠯᠬᠤ ᠭᠡᠳᠡᠭ ᠲᠤ ᠢᠳᠡᠭᠡᠯ ᠳᠡᠭᠦᠯᠳᠡᠷ ᠪᠠᠶᠢᠵᠠᠭᠠᠨ᠎ᠠ᠃ 

ᠢᠷᠡᠯᠳᠡ : 

ᠦᠪᠤᠷ ᠮᠤᠡᠭᠭᠤᠯ ᠤᠨ ᠡᠳᠤᠷ ᠤᠨ ᠰᠤᠨᠢᠨ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ