1.jpg

12 ᠰᠠᠷ᠎ᠠ ᠶᠢᠨ 8 ᠤ ᠡᠳᠦᠷ᠂《ᠠᠪᠠᠭ᠋ᠠᠨᠠᠷ ᠱᠠᠭ᠎ᠠ ᠰᠤᠶᠤᠯ ᠤᠨ ᠦᠷᠦᠭᠡ》 ᠶᠢᠨ ᠡᠷᠬᠢᠯᠡᠭᠴᠢ ᠰᠢᠯᠢᠩᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠲᠤᠭᠤᠷ ᠤᠨ ᠲᠠᠯ᠎ᠠ ᠬᠤᠪᠢᠶᠠᠷᠢ ᠲᠠᠯᠠᠪᠠᠢ ᠶᠢᠨ ᠮᠠᠯᠴᠢᠨ ᠰᠤᠶᠤᠯᠴᠡᠴᠡᠭ ᠦᠭᠡᠷᠡᠴᠢᠯᠡᠯᠲᠠ ᠨᠡᠭᠡᠭᠡᠯᠲᠡ ᠬᠢᠭᠰᠡᠨ 40 ᠵᠢᠯ ᠤᠨ ᠤᠢ ᠶᠢ ᠪᠡᠯᠭᠡᠯᠡᠨ᠂ ᠦᠷᠭᠡᠨ ᠤᠯᠠᠨ ᠮᠠᠯᠴᠢᠳ ᠤᠨ ᠡᠪᠦᠯ ᠤᠨ ᠤᠯᠠᠷᠢᠯ ᠤᠨ ᠠᠵᠢᠯ ᠤᠨ ᠴᠢᠯᠦᠭᠡᠨ ᠤ ᠰᠤᠶᠤᠯ ᠤᠷᠠᠯᠢᠭ ᠤᠨ ᠠᠮᠢᠳᠤᠷᠠᠯ ᠢ ᠪᠠᠶᠠᠯᠢᠬᠵᠢᠭᠤᠯᠤᠨ᠂ ᠮᠤᠩᠭᠤᠯ ᠦᠨᠳᠦᠰᠦᠳᠡᠨ ᠤ ᠤᠯᠠᠮᠵᠢᠯᠠᠯᠲᠤ ᠨᠠᠭᠠᠳᠤᠮ ᠲᠤᠬᠯᠠᠭᠠᠮ ᠢᠶᠠᠨ ᠤᠯᠠᠮ ᠴᠢᠨᠠᠬᠰᠢᠳᠠ ᠤᠯᠠᠮᠵᠢᠯᠠᠨ ᠬᠦᠭᠵᠢᠭᠦᠯᠬᠦ ᠵᠤᠷᠢᠯᠭ᠎ᠠ ᠪᠠᠷ᠂ ᠰᠢᠯᠢᠩᠬᠤᠲᠠ ᠳᠠᠬᠢ ᠱᠠᠭ᠎ᠠ ᠰᠤᠶᠤᠯ ᠤᠨ ᠦᠷᠦᠭᠡᠨ ᠳᠡᠭᠡᠨ ᠳᠤᠯᠤᠳᠤᠭᠠᠷ ᠤᠳᠠᠭ᠎ᠠ ᠶᠢᠨ ᠱᠠᠭ᠎ᠠ ᠨᠠᠭᠠᠳᠤᠮ ᠤᠨ ᠤᠷᠤᠯᠳᠤᠭᠠᠨ ᠶᠠᠪᠤᠭᠤᠯᠵᠦ ᠮᠠᠯᠴᠢᠳ ᠢᠶᠠᠨ ᠪᠠᠶᠠᠰᠠᠬᠯ᠎ᠠ᠃

ᠤᠷᠤᠯᠳᠤᠭᠠᠨ ᠳᠤ᠂ ᠰᠢᠯᠢᠩᠬᠤᠳᠠ ᠤᠷᠤᠨ ᠤ ᠡᠯ᠎ᠠ ᠭᠠᠴᠠᠭ᠎ᠠ ᠰᠤᠮᠤ᠂ ᠪᠠᠯᠭᠠᠰᠦ᠂ ᠮᠠᠯᠵᠢᠯ ᠤᠨ ᠲᠠᠯᠠᠪᠠᠢ ᠶᠢᠨ ᠮᠠᠯᠴᠢᠳ 100 ᠭᠠᠷᠤᠢ ᠨᠠᠭᠠᠳᠤᠮᠴᠢᠨ ᠤᠷᠤᠯᠴᠠᠵᠦ᠂ ᠱᠠᠭ᠎ᠠ ᠨᠢᠰᠠᠯᠬᠤ᠂ ᠠᠷᠤ ᠤᠨᠳᠤᠭᠤ ᠠᠪᠬᠤ ᠬᠤᠶᠠᠷ ᠵᠦᠢᠯ ᠤᠨ ᠤᠷᠤᠯᠳᠤᠭᠠᠨ ᠶᠠᠪᠤᠭᠤᠯᠪᠠ᠃ ᠨᠢᠭᠡ ᠡᠳᠦᠷ ᠤᠨ ᠬᠦᠷ ᠬᠦᠭᠵᠢᠶᠡᠨ ᠲᠠᠢ ᠤᠷᠤᠯᠳᠤᠭᠠᠨ ᠢᠶᠠᠷ ᠱᠠᠭ᠎ᠠ ᠨᠢᠰᠠᠯᠬᠤ ᠤᠷᠤᠯᠳᠤᠭᠠᠨ ᠳᠤ ᠪᠠᠶᠠᠨᠪᠤᠯᠠᠭ ᠰᠤᠮᠤᠨ ᠤ ᠡᠩᠬᠡᠴᠡᠴᠡᠭ᠂ ᠪᠤᠯᠠᠭᠠᠨ ᠰᠤᠮᠤᠨ ᠤ ᠰᠠᠷᠠᠨ᠎ᠠ᠂ ᠵᠢᠪᠵᠢᠮ᠎ᠠ᠂ ᠪᠠᠶᠠᠨᠪᠤᠯᠠᠭ ᠰᠤᠮᠤᠨ ᠤ ᠤᠶᠤᠨᠬᠤᠸᠠᠷ ᠡᠮᠦᠨ᠎ᠠ ᠳᠦᠷᠪᠡ ᠳᠤ ᠤᠷᠤᠵᠦ᠂ ᠠᠷᠤ ᠤᠨᠳᠤᠭᠤ ᠠᠪᠬᠤ ᠤᠷᠤᠯᠳᠤᠭᠠᠨ ᠳᠤ᠂ ᠰᠢᠯᠢᠩᠬᠤᠲᠠ ᠶᠢᠨ ᠲᠤᠶᠠᠭ᠎ᠠ ᠲᠡᠷᠢᠭᠦᠯᠡᠵᠦ᠂ ᠪᠤᠯᠠᠭᠠᠨ ᠰᠤᠮᠤᠨ ᠤ ᠴᠤᠯᠮᠤᠨᠳᠤᠶᠠᠭ᠎ᠠ᠂ ᠷᠠᠰᠢᠶᠠᠨᠪᠤᠯᠠᠭ ᠪᠠᠯᠭᠠᠰᠤᠨ ᠤ ᠰᠡᠴᠡᠨᠭᠡᠷᠡᠯ᠂ ᠪᠠᠶᠠᠨᠰᠢᠯᠢ ᠮᠠᠯᠵᠢᠯ ᠤᠨ ᠲᠠᠯᠠᠪᠠᠢ ᠶᠢᠨ ᠮᠧᠳᠡᠭ ᠲᠤᠰ ᠲᠤᠰ ᠳᠡᠳ᠋ ᠠᠴᠠ ᠳᠦᠷᠪᠡ ᠳᠤ ᠵᠢᠬᠰᠠᠭᠠᠬᠳᠠᠭᠰᠡᠨ ᠪᠠᠶᠢᠨ᠎ᠠ᠃ ᠡᠮᠦᠨ᠎ᠠ 16 ᠨᠡᠷ᠎ᠡ ᠳᠤ ᠤᠷᠤᠬᠰᠡᠨ ᠨᠠᠭᠠᠳᠤᠮᠴᠢᠨ ᠳᠠᠭᠠᠨ ᠱᠠᠩᠨᠠᠯ ᠤᠯᠭᠤᠵᠦ ᠵᠤᠷᠢᠬᠵᠢᠭᠤᠯᠵᠠᠢ᠃ (ᠴᠢᠷᠮ᠎ᠠ ) 


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ