12 ᠰᠠᠷ᠎ᠠ ᠶᠢᠨ 20 ᠤ ᠡᠳᠦᠷ᠂ ᠤᠯᠠᠨ ᠤ ᠠᠩᠬᠠᠷᠤᠯ ᠢ ᠳᠠᠳᠠᠭᠰᠠᠨ 2018 ᠤᠨ ᠤ ᠳᠤᠮᠳᠠᠳᠤ ᠤᠯᠤᠰ ᠤᠨ ᠭᠦᠯ ᠪᠦᠮᠪᠦᠭᠡ ᠶᠢᠨ ᠰᠤᠷᠭᠠᠭᠤᠯᠢ ᠬᠤᠨᠳᠠᠭᠠᠳᠦ ᠡᠮᠡᠭᠳᠠᠢ ᠶᠢᠨ ᠭᠦᠭᠡᠭᠴᠢᠨ ᠳᠤᠭᠤᠢᠢᠯᠠᠩ ᠤᠨ U15 ᠳᠡᠰ ᠤᠨ ᠤᠷᠤᠯᠳᠤᠭᠠᠨ ᠤᠰᠢᠢᠳᠪᠤᠷᠢᠳᠦ ᠤᠷᠤᠯᠳᠤᠭᠠᠨ ᠭᠤᠸᠠᠩᠳᠦ᠋ᠡᠭ ᠮᠤᠵᠢ ᠶᠢᠨ ᠳ᠋ᠧᠱᠦ᠋ᠨ ᠳᠤ ᠶᠠᠪᠤᠭᠳᠠᠪᠠ᠃ ᠦᠪᠦᠷ ᠮᠤᠩᠭᠤᠯ ᠤᠨ ᠰᠢᠯᠢ ᠶᠢᠨ ᠭᠤᠤᠯ ᠤᠨᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠭᠢ 5᠄ 0 ᠤᠨ ᠬᠠᠷᠢᠴᠠᠯ ᠢᠶᠠᠷ ᠵᠸᠡᠭᠵᠸᠦ ᠬᠤᠳᠠ ᠶᠢᠨ 101 ᠳ᠋ᠤᠭᠡᠷ ᠳᠤᠮᠳᠠᠳᠤ ᠰᠤᠷᠭᠠᠭᠤᠯᠢ ᠶᠢᠨ ᠠᠩᠭᠢ ᠶᠢ ᠢᠯᠠᠵᠤ᠂ ᠳᠤᠰ ᠤᠳᠠᠭᠠᠨ ᠤ ᠤᠷᠤᠯᠳᠤᠭᠠᠨ ᠳᠤ ᠮᠠᠩᠯᠠᠶᠢᠯᠠᠪᠠ᠃

ᠡᠭᠦᠨ ᠠᠴᠠ ᠡᠮᠦᠨ᠎ᠠ ᠪᠤᠯᠤᠭᠰᠠᠨ ᠬᠠᠭᠠᠰ ᠰᠢᠢᠳᠪᠤᠷᠢᠳᠦ ᠤᠷᠤᠯᠳᠤᠭᠠᠨ ᠳᠤ᠂ ᠵᠸᠡᠭᠵᠸᠦ ᠬᠤᠳᠠ ᠶᠢᠨ 101 ᠳ᠋ᠤᠭᠡᠷ ᠳᠤᠮᠳᠠᠳᠤ ᠰᠤᠷᠭᠠᠭᠤᠯᠢ ᠨᠢ ᠰᠢᠷᠠᠭᠳᠤᠯ ᠤᠯᠠᠨ ᠵᠡᠷᠭᠡ ᠰᠢᠯᠳᠠᠭᠠᠨ ᠢᠶᠠᠷ ᠨᠢᠭᠡᠨ ᠳᠠᠯᠠᠪᠠᠢ 《ᠬᠠᠷᠠᠰᠠᠯᠳᠠᠢ》ᠢᠯᠠᠯᠳᠠ ᠪᠠᠶᠢᠭᠤᠯᠵᠤ᠂ ᠰᠢᠢᠳᠪᠤᠷᠢᠳᠦ ᠤᠷᠤᠯᠳᠤᠭᠠᠨ ᠳᠤ ᠳᠠᠪᠰᠢᠭᠰᠠᠨ ᠪᠤᠯᠪᠠᠴᠤ ᠡᠴᠤᠰ ᠲᠤ ᠪᠦᠮᠪᠦᠭᠡᠴᠢᠳ ᠨᠢ ᠰᠢᠷᠠᠭᠳᠤᠭᠰᠠᠨ ᠵᠡᠷᠭᠡ ᠰᠢᠯᠳᠠᠭᠠᠨ ᠠᠴᠠ 9ᠭᠦᠮᠦᠨ ᠲᠠᠢ ᠯᠠ ᠦᠯᠡᠳᠡᠵᠤ ᠰᠢᠢᠳᠪᠤᠷᠢᠳᠦ ᠤᠷᠤᠯᠳᠤᠭᠠᠨ ᠳᠤ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠦᠷᠢᠰᠦᠯᠳᠦᠭᠦ ᠪᠤᠯᠤᠭᠰᠠᠨ ᠪᠠᠶᠢᠨ᠎ᠠ᠃

ᠤᠷᠤᠯᠳᠤᠭᠠᠨ ᠡᠭᠢᠯᠡᠮᠡᠭᠴᠠ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠭᠢ ᠨᠢ ᠡᠰᠡᠷᠭᠦ ᠡᠳᠡᠭᠡᠳ ᠤᠨ ᠬᠠᠭᠠᠯᠠᠭᠠᠨ ᠳᠤ ᠰᠢᠷᠦᠭᠦᠨ ᠳᠤᠪᠳᠤᠯᠤᠯᠳᠠ ᠭᠢᠵᠤ᠂ ᠤᠳᠠᠵᠤ ᠳᠦᠳᠡᠯ ᠦᠭᠡᠢ 10 ᠨᠤᠮᠧᠷᠳᠦ ᠪᠦᠮᠪᠦᠭᠡᠴᠢᠨ ᠪᠦᠮᠪᠦᠭᠡᠤᠷᠤᠭᠤᠯᠵᠤ᠂ ᠬᠤᠪᠢ ᠶᠢᠨ ᠬᠠᠷᠢᠴᠠᠯ ᠢ 1᠄ 0 ᠪᠤᠯᠭᠠᠭᠰᠠᠨ ᠪᠠᠶᠢᠨ᠎ᠠ᠃ ᠭᠦᠮᠦᠨ ᠳᠤᠳᠠᠭᠤ ᠶᠢᠨ ᠳᠡᠭᠡᠷ᠎ᠠ᠂ ᠰᠢᠯᠢ ᠶᠢᠨ ᠭᠤᠤᠯ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠭᠢ ᠶᠢᠨ ᠴᠢᠩᠭ᠎ᠠ ᠭᠦᠴᠦᠳᠠᠢ ᠳᠠᠭᠠᠷᠢᠯᠳᠠ ᠶᠢᠨ ᠡᠮᠦᠨ᠎ᠠ᠂ ᠵᠸᠡᠭᠵᠸᠦ ᠶᠢᠨ101 ᠳ᠋ᠤᠭᠡᠷ ᠳᠤᠮᠳᠠᠳᠤ ᠰᠤᠷᠭᠠᠭᠤᠯᠢ ᠶᠢᠨ ᠬᠢᠨ ᠬᠠᠮᠠᠭᠠᠯᠠᠯᠳᠠ ᠭᠢᠭᠦ ᠠᠴᠠ ᠤᠨᠳᠤᠤ ᠠᠷᠭ᠎ᠠ ᠦᠭᠡᠢ ᠪᠠᠶᠢᠭᠰᠠᠨ ᠪᠠ ᠬᠠᠷᠢᠭᠤᠴᠠᠨᠳᠤᠯᠵᠤ ᠴᠤ ᠴᠢᠳᠠᠬᠤ ᠦᠭᠡᠢ ᠪᠠᠶᠢᠵᠤ᠂ ᠳᠡᠭᠡᠷ᠎ᠠ ᠬᠠᠭᠠᠰ ᠳᠠᠯᠠᠪᠠᠢ ᠶᠢᠨ ᠤᠷᠤᠯᠳᠤᠭᠠᠨ ᠳᠠᠭᠤᠰᠬᠤ ᠳᠤ ᠬᠤᠪᠢ ᠶᠢᠨ ᠬᠠᠷᠢᠴᠠᠯ ᠨᠢᠭᠡᠨᠳᠠ 4᠄ 0 ᠪᠤᠯᠤᠭᠰᠠᠨ ᠪᠠᠶᠢᠯ᠎ᠠ᠃ ᠳᠤᠤᠷ᠎ᠠ ᠬᠠᠭᠠᠰ ᠳᠠᠯᠠᠪᠠᠢ ᠶᠢᠨ ᠤᠷᠤᠯᠳᠤᠭᠠᠨ ᠳᠤ ᠰᠢᠯᠢ ᠶᠢᠨ ᠭᠤᠤᠯ ᠤᠨ ᠠᠵᠢᠯᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠭᠢ ᠶᠢᠨ ᠬᠢᠨ ᠤᠯᠠᠩᠭᠢ ᠭᠤᠤᠯᠯᠠᠭᠴᠢ ᠪᠦᠮᠪᠦᠭᠡᠴᠢᠨ ᠢᠶᠠᠨ ᠰᠤᠯᠢᠵᠤ᠂ ᠳᠠᠭᠠᠷᠢᠯᠳᠠ ᠶᠢᠨᠭᠦᠴᠦᠯᠠᠴᠠ ᠪᠠᠨ ᠪᠠᠭᠤᠷᠠᠭᠤᠯᠤᠭᠰᠠᠨ ᠪᠤᠯᠪᠠᠴᠤ ᠵᠸᠡᠭᠵᠸᠦ ᠶᠢᠨ 101 ᠳ᠋ᠤᠭᠡᠷ ᠳᠤᠮᠳᠠᠳᠤ ᠰᠤᠷᠭᠠᠭᠤᠯᠢ ᠶᠢᠨ ᠬᠢᠨ ᠤᠯᠢᠬᠳᠠᠢᠰᠠᠶᠢᠬᠠᠨ ᠳᠤᠪᠳᠤᠯᠤᠯᠳᠠ ᠵᠤᠬᠢᠶᠠᠨ ᠪᠠᠶᠢᠭᠤᠯᠵᠤ ᠴᠢᠳᠠᠭᠰᠠᠨ ᠦᠭᠡᠢ ᠪᠠᠶᠢᠵᠤ᠂ ᠡᠴᠤᠰ ᠤᠨ ᠬᠤᠪᠢ ᠶᠢᠨ ᠬᠠᠷᠢᠴᠠᠯ 5᠄ 0 ᠳᠡᠭᠡᠷ᠎ᠠ ᠳᠤᠭᠳᠠᠭᠠᠭᠳᠠᠭᠰᠠᠨ ᠪᠠᠶᠢᠨ᠎ᠠ᠃ ᠡᠭᠦᠪᠡᠷ ᠦᠪᠦᠷ ᠮᠤᠩᠭᠤᠯ ᠤᠨ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦᠰᠤᠷᠭᠠᠭᠤᠯᠢ ᠶᠢᠨ ᠡᠮᠡᠭᠳᠠᠢ ᠶᠢᠨ ᠠᠩᠭᠢ ᠨᠢ ᠤᠯᠤᠰ ᠤᠨ ᠤᠷᠤᠯᠳᠤᠭᠠᠨ ᠤ ᠮᠠᠩᠯᠠᠢ ᠨᠢᠭᠡ ᠶᠢ ᠰᠢᠭᠦᠷᠴᠤ᠂ ᠤᠷᠤᠨ ᠠᠶᠢᠮᠠᠭ ᠤᠨ ᠪᠠᠨᠠᠯᠳᠠᠷ ᠢ ᠮᠠᠨᠳᠤᠭᠤᠯᠤᠭᠰᠠᠨ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ