12 ᠰᠠᠷ᠎ᠠ ᠶᠢᠨ 2 ᠤᠨ ᠦᠳᠠ ᠶᠢᠨ ᠡᠮᠦᠨ᠎ᠠ᠂ ᠪᠦᠬᠦ ᠤᠯᠤᠰ ᠤᠨ ᠦᠰᠪᠦᠷᠢ ᠶᠢᠨ ᠬᠡᠤᠬᠡᠳ ᠤᠨ ᠰᠠᠭᠰᠤᠨ ᠪᠦᠮᠪᠦᠭᠡ ᠶᠢᠨᠢᠯᠡ ᠤᠷᠤᠯᠳᠤᠭᠠᠨ (NYBO) ᠤ ᠦᠪᠦᠷ ᠮᠤᠩᠭᠤᠯ ᠲᠤᠭᠤᠷᠢᠭ ᠲᠠᠬᠢ ᠤᠷᠤᠯᠳᠤᠭᠠᠨ ᠤ ᠡᠬᠢᠯᠡᠯᠳᠠ ᠶᠢᠨ ᠶᠤᠰᠤᠯᠠᠯ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠤᠷᠳᠤᠨ ᠳᠤ ᠶᠠᠪᠤᠭᠳᠠᠵᠤ᠂ᠰᠠᠭᠰᠤᠨ ᠪᠦᠮᠪᠦᠭᠡ ᠶᠢᠨ ᠬᠦᠰᠡᠯ ᠬᠦᠬᠡᠬᠡᠴᠡᠯᠳᠦᠯ ᠲᠠᠢ ᠪᠢᠴᠢᠬᠠᠨ ᠬᠡᠤᠬᠡᠳ ᠤᠳ ᠲᠤ ᠠᠵᠠᠳᠠᠢ ᠲᠤᠬᠢᠶᠠᠯ ᠠᠪᠴᠢᠷᠠᠭᠰᠠᠠ ᠪᠠᠶᠢᠨ᠎ᠠ᠃

ᠪᠦᠬᠦ ᠤᠯᠤᠰ ᠤᠨ ᠦᠰᠪᠦᠷᠢ ᠶᠢᠨ ᠬᠡᠤᠬᠡᠳ ᠤᠨ ᠰᠠᠭᠰᠤᠨ ᠪᠦᠮᠪᠦᠭᠡ ᠶᠢᠨ ᠢᠯᠡ ᠤᠷᠤᠯᠳᠤᠭᠠᠨ (NYBO) ᠪᠤᠯᠤᠯᠤᠰ ᠤᠨ ᠪᠡᠶ᠎ᠠ ᠶᠢᠨ ᠲᠠᠮᠢᠷ ᠤᠨ ᠶᠡᠷᠦᠩᠬᠡᠢ ᠲᠤᠪᠴᠢᠶ᠎ᠠ ᠶᠢᠨ ᠵᠠᠯᠠᠭᠤᠴᠤᠳ ᠪᠠᠭᠠᠴᠤᠳ ᠤᠨ ᠪᠡᠶ᠎ᠠ ᠶᠢᠨ ᠲᠠᠮᠢᠷ ᠤᠨ ᠵᠤᠷᠭᠠᠨ᠂ᠲᠤᠮᠳᠠᠳᠤ ᠤᠯᠤᠰ ᠤᠨ ᠰᠠᠭᠰᠤᠨ ᠪᠦᠮᠪᠦᠭᠡ ᠶᠢᠨ ᠨᠡᠶᠢᠬᠡᠮᠯᠢᠭ᠂ ᠲᠤᠮᠳᠠᠳᠤ ᠤᠯᠤᠰ ᠤᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠠ ᠶᠢᠨ ᠲᠠᠮᠢᠷ ᠤᠨ ᠨᠡᠶᠢᠬᠡᠮᠯᠢᠭ ᠠᠴᠠ ᠬᠠᠮᠳᠤᠷᠠᠠ ᠲᠡᠮᠵᠢᠵᠤ ᠪᠠᠶᠢᠭ᠎ᠠ ᠨᠢᠬᠡ ᠲᠦᠷᠦᠯ ᠤᠨ ᠲᠤᠰᠬᠠᠢᠢᠯᠠᠨ 6— 16 ᠨᠠᠰᠤᠨ ᠤ ᠬᠤᠭᠤᠷᠤᠨᠳᠤᠬᠢ ᠦᠰᠪᠤᠷᠢ ᠶᠢᠨ ᠬᠡᠤᠬᠡᠳ ᠲᠤ ᠵᠤᠷᠢᠭᠤᠯᠤᠭᠰᠠᠠ ᠰᠠᠭᠰᠤᠨ ᠪᠦᠮᠪᠦᠭᠡ ᠶᠢᠨ ᠤᠷᠤᠯᠳᠤᠭᠠᠨᠪᠤᠯᠬᠤ ᠶᠤᠮ᠃ ᠤᠷᠤᠯᠳᠤᠭᠠᠨ ᠨᠢ ᠨᠢᠳᠤᠨᠤᠨ ᠵᠢᠯ ᠠᠴᠠ ᠰᠠᠶ᠋ᠢ ᠡᠬᠢᠯᠡᠨ ᠶᠠᠪᠤᠭᠳᠠᠵᠤ᠂ ᠠᠩᠬ᠎ᠠ ᠤᠳᠠᠭ᠎ᠠ ᠦᠪᠦᠷ ᠮᠤᠩᠭᠤᠯ ᠳᠤᠬᠤᠪᠢᠶᠠᠷᠢ ᠲᠤᠭᠤᠷᠢᠭ ᠤᠨ ᠤᠷᠤᠯᠳᠤᠭᠠᠨ ᠢ ᠲᠤᠬᠢᠷᠠᠭᠤᠯᠤᠭᠰᠠᠠ ᠨᠢ ᠡᠨᠡ ᠪᠢᠯᠠ᠃

ᠲᠤᠰ ᠤᠳᠠᠭᠠᠨ ᠤ ᠤᠷᠤᠯᠳᠤᠭᠠᠨ ᠳᠤ ᠬᠦᠬᠡᠬᠤᠳᠠ ᠶᠢᠨ ᠡᠯ᠎ᠠ ᠰᠤᠷᠭᠠᠭᠤᠯᠢ᠂ ᠺᠯᠦ᠋ᠪ ᠤᠨ 20 ᠭᠠᠷᠤᠢ ᠪᠦᠮᠪᠦᠬᠡᠨ ᠠᠩᠬᠢ ᠶᠢᠨ 255 ᠪᠢᠴᠢᠬᠠᠨ ᠪᠦᠮᠪᠦᠬᠡᠴᠢᠨ ᠨᠡᠷ᠎ᠠ ᠮᠡᠳᠡᠬᠦᠯᠦᠨ ᠤᠷᠤᠯᠴᠠᠵᠤ᠂ ᠡᠳᠡᠬᠡᠷ ᠪᠢᠴᠢᠬᠠᠨ ᠪᠦᠮᠪᠦᠬᠡᠴᠢᠳ ᠨᠠᠰᠤᠨ ᠤ ᠵᠦᠷᠢᠶ᠎ᠠ ᠪᠠᠷ U6᠂ U8᠂ U10᠂ U12᠂ U14᠂ U16 ᠬᠡᠬᠦ ᠵᠢᠷᠭᠤᠭᠠᠨ ᠲᠤᠭᠤᠢᠢᠯᠠᠩ ᠳᠤ ᠬᠤᠪᠢᠶᠠᠭᠳᠠᠨ 12ᠰᠠᠷ᠎ᠠ ᠶᠢᠨ 15 ᠤ ᠡᠳᠦᠷ ᠠᠴᠠ 1 ᠰᠠᠷ᠎ᠠ ᠶᠢᠨ 31 ᠤ ᠡᠳᠦᠷ ᠪᠤᠯᠳᠠᠯ᠎ᠠ ᠤᠷᠤᠯᠳᠤᠵᠤ᠂ ᠲᠤᠭᠤᠢᠢᠯᠠᠩ ᠪᠦᠷᠢ ᠳᠤ ᠮᠠᠩᠯᠠᠶᠢᠯᠠᠭᠰᠠᠠᠠᠩᠬᠢ ᠨᠢ ᠪᠦᠬᠦ ᠤᠷᠤᠨ ᠤ ᠤᠷᠤᠯᠳᠤᠭᠠᠨ ᠪᠤᠯᠤᠨ ᠪᠦᠬᠦ ᠤᠯᠤᠰ ᠤᠨ ᠤᠷᠤᠯᠳᠤᠭᠠᠨ ᠳᠤ ᠤᠷᠤᠯᠴᠠᠬᠤ ᠪᠤᠯᠤᠨ᠎ᠠ᠃

ᠲᠤᠰ ᠤᠳᠠᠭᠠᠨ ᠤ ᠤᠷᠤᠯᠳᠤᠭᠠᠨ ᠢ ᠵᠦᠩ ᠾᠦᠢ ᠤᠯᠠᠨ ᠤᠯᠤᠰ ᠤᠨ ᠪᠡᠶ᠎ᠠ ᠶᠢᠨ ᠲᠠᠮᠢᠷ ᠤᠨ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠮᠠᠩᠯᠠᠢ ᠰᠤᠶᠤᠯ ᠲᠠᠮᠢᠷ ᠤᠨ ᠦᠢᠯᠡᠰ ᠢ ᠤᠯᠠᠮᠵᠢᠯᠠᠬᠤ ᠬᠢᠵᠠᠭᠠᠷᠳᠤ ᠺᠤᠮᠫᠠᠨᠢ ᠠᠴᠠ ᠲᠠᠭᠠᠭᠠᠴᠢᠯᠠᠨ ᠡᠷᠬᠢᠯᠡᠵᠠᠢ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ