1.jpg

1 ᠰᠠᠷ᠎ᠠ ᠶᠢᠨ 2 ᠤᠨ ᠤᠷᠤᠢ᠂《ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠷᠢᠭᠤᠨ ᠬᠦᠰᠡᠯᠡᠩ  ᠢᠶᠠᠨ ᠪᠠᠶᠠᠯᠡᠭᠦᠯᠵᠦ ᠰᠢᠨ᠎ᠡ ᠴᠠᠭ ᠦᠶ᠎ᠡ ᠶᠢᠨ ᠦᠭᠡᠷᠡᠴᠢᠯᠠᠯᠳᠠ ᠨᠡᠭᠡᠭᠡᠯᠳᠡ ᠶᠢᠨ ᠲᠦᠯᠦᠭᠡ ᠵᠢᠳᠬᠦᠰᠦᠭᠡᠢ 》ᠭᠤᠤᠯ  ᠰᠡᠳᠦᠪᠳᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠤᠨ ᠤ  ᠠᠵᠢᠯ ᠢᠶᠠᠨ ᠳ᠋ᠦ᠋ᠩᠨᠠᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠰᠢᠯᠢᠳᠡᠭ ᠤᠷᠠᠨ ᠪᠦᠳᠦᠭᠡᠯ ᠤᠨ  ᠦᠵᠡᠭᠦᠯᠦᠯᠭᠡ ᠶᠢᠨ ᠲᠤᠭᠯᠠᠯᠳᠠ ᠦᠪᠦᠷ ᠮᠤᠩᠭᠤᠯ ᠤᠨ ᠲᠠᠮᠢᠷ ᠤᠨ ᠤᠷᠳᠤᠨ ᠳᠤ ᠶᠠᠪᠤᠭᠳᠠᠪᠠ᠃ ᠦᠪᠡᠷᠳᠡᠭᠡᠨ  ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠠᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ  ᠤ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠠᠷᠢᠭᠦᠯᠡᠭᠴᠢ᠂ ᠦᠪᠡᠷᠳᠡᠭᠡᠨ ᠵᠠᠰᠠᠬᠤ  ᠤᠷᠤᠨ ᠤ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠠᠷᠢᠭᠦᠯᠡᠭᠴᠢ ᠭᠦᠸᠧ ᠽᠢ ᠮᠢᠩ᠂  ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠰᠤᠳᠠᠶᠢᠴᠤᠳ  ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠳ᠋ ᠲᠠᠷᠢᠭᠦᠯᠡᠭᠴᠢ ᠸᠠᠩ ᠢᠤᠢ ᠮᠢᠩ᠂ ᠦᠪᠡᠷᠳᠡᠭᠡᠨ ᠵᠠᠰᠠᠬᠤ ᠤᠷᠤᠨ  ᠤ ᠪᠡᠶ᠎ᠡ ᠶᠢᠨ ᠲᠠᠮᠢᠷ ᠤᠨ ᠲᠤᠪᠴᠢᠶᠠᠨ ᠤ ᠲᠤᠪᠴᠢᠶᠠᠨ ᠲᠠᠷᠤᠭ᠎ᠠ ᠲᠠᠨ ᠵᠢᠩ ᠹᠧᠩ ᠵᠡᠷᠭᠡ ᠤᠳᠤᠷᠢᠳᠤᠯᠭ᠎ᠠ  ᠠᠵᠢᠯᠯᠠᠭ᠎ᠠ ᠳᠤ ᠤᠷᠤᠯᠴᠠᠭᠰᠠᠨ ᠪᠦᠭᠡᠳ ᠱᠠᠩᠨᠠᠯ ᠬᠦᠷᠳᠡᠭᠰᠡᠨ ᠬᠠᠮᠳᠦ ᠨᠠᠶᠢᠳᠠ ᠪᠠ ᠬᠤᠪᠢ ᠬᠦᠮᠦᠨ ᠳᠤ ᠱᠠᠩᠨᠠᠯ  ᠭᠠᠷᠳᠠᠭᠤᠯᠵᠠᠢ᠃ 

ᠲᠠᠨ ᠵᠢᠩ ᠹᠧᠩ ᠲᠤᠪᠴᠢᠶᠠᠨ ᠲᠠᠷᠤᠭ᠎ᠠ ᠵᠢᠭᠠᠬᠤ ᠳᠠᠭᠠᠨ᠂ 2018 ᠤᠨ ᠳᠤ ᠦᠪᠡᠷᠳᠡᠭᠡᠨ ᠵᠠᠰᠠᠬᠤ  ᠤᠷᠤᠨ ᠤ ᠪᠡᠶ᠎ᠡ ᠶᠢᠨ ᠲᠠᠮᠢᠷ ᠤᠨ ᠦᠢᠯᠡᠰ ᠦᠷᠨᠢᠭᠦᠨ ᠬᠦᠭᠵᠢᠵᠦ᠂ ᠪᠡᠶ᠎ᠡ ᠶᠢᠨ ᠲᠠᠮᠢᠷ ᠤᠨ ᠦᠭᠡᠷᠡᠴᠢᠯᠠᠯᠳᠠ ᠶᠢ  ᠭᠦᠨᠵᠡᠭᠡᠢ ᠠᠬᠢᠭᠤᠯᠤᠨ᠂ ᠤᠯᠠᠨ ᠲᠦᠮᠡᠨᠴᠢ ᠪᠡᠶ᠎ᠡ ᠶᠢᠨ ᠲᠠᠮᠢᠷ ᠠᠷᠠᠳ ᠲᠤ ᠲᠤᠰᠠ ᠬᠦᠷᠳᠡᠭᠡᠨ᠂ ᠤᠷᠤᠯᠳᠤᠭᠠᠨ ᠤ ᠪᠡᠶ᠎ᠡ ᠶᠢᠨ ᠲᠠᠮᠢᠷ ᠰᠢᠨ᠎ᠡ ᠰᠢᠪᠳᠤᠯᠤᠯᠳᠠ ᠤᠯᠵᠦ᠂  ᠲᠤᠪᠤᠶᠢᠮ᠎ᠡ ᠤᠨᠴᠠᠯᠢᠭ ᠪᠦᠬᠦᠢ ᠲᠠᠮᠢᠷ ᠤᠨ ᠠᠵᠦ ᠦᠢᠯᠡᠰ ᠢ  ᠪᠤᠢ ᠪᠤᠯᠭᠠᠨ᠂ ᠡᠯᠪᠡᠭ ᠪᠠᠶᠠᠯᠢᠭ ᠲᠠᠮᠢᠷ ᠤᠨ ᠰᠤᠶᠤᠯ ᠬᠦᠭᠵᠢᠨ᠂ ᠲᠠᠮᠢᠷ ᠤᠨ ᠭᠠᠳᠠᠭᠠᠳᠦ ᠬᠠᠷᠢᠯᠴᠠᠭ᠎ᠠ ᠤᠯᠠᠮ  ᠦᠨᠢᠷᠭᠦᠨ ᠪᠤᠯᠵᠦ᠂ ᠲᠠᠮᠢᠷ ᠤᠨ ᠶᠠᠳᠠᠭᠤ ᠶᠢ ᠲᠡᠳᠬᠦᠬᠦ ᠠᠵᠢᠯ ᠨᠠᠷᠢᠨ ᠤᠨᠤᠪᠴᠢᠳᠠᠢ ᠶᠠᠪᠤᠭᠳᠠᠵᠦ᠂ ᠡᠬᠡ ᠤᠯᠤᠰ  ᠤᠨ ᠤᠮᠠᠷᠠᠳᠦ ᠬᠢᠵᠠᠭᠠᠷ ᠲᠤ ᠪᠡᠶ᠎ᠡ ᠶᠢᠨ ᠲᠠᠮᠢᠷ ᠤᠨ ᠦᠢᠯᠡᠰ ᠤᠨ ᠪᠠᠳᠠᠷᠠᠨ ᠲᠦᠷᠡᠯᠵᠡᠭᠰᠡᠨ ᠲᠦᠯᠦ ᠪᠤᠯᠤᠨ  ᠬᠢᠯᠠᠯᠵᠠᠪᠠ ᠭᠡᠵᠡᠢ᠃  


ᠢᠷᠡᠯᠳᠡ : 

ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠲᠤᠪᠴᠢᠶ᠎ᠡ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ