1 ᠰᠠᠷ᠎ᠠ ᠶᠢᠨ 14 ᠤ ᠡᠳᠤᠷ᠂ ᠪᠥᠬᠦ ᠤᠷᠤᠨ ᠤ ᠬᠥᠯ ᠪᠥᠮᠪᠦᠭᠡ ᠶᠢᠨ ᠠᠵᠢᠯ ᠤᠨ ᠲᠧᠯᠸᠢᠰ ᠤᠳᠠᠰᠤ ᠬᠤᠷᠠᠯ ᠬᠥᠬᠡᠬᠤᠳᠠ ᠳᠤ  ᠬᠤᠷᠠᠯᠳᠤᠪᠠ᠃ ᠬᠤᠷᠠᠯ ᠠᠴᠠ ᠬᠥᠯ ᠪᠥᠮᠪᠦᠭᠡ ᠶᠢᠨ ᠥᠭᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠡᠷᠬᠢᠴᠡᠬᠦᠯᠥᠨ ᠳ᠋ᠥᠡᠭᠨᠡᠵᠦ ᠰᠠᠨᠠᠯ ᠢᠶᠠᠨ ᠰᠤᠯᠢᠯᠴᠠᠨ᠂ ᠬᠤᠶᠢᠰᠢᠳᠠ ᠶᠢᠨ ᠨᠢᠬᠡ ᠬᠤᠭᠤᠴᠠᠭᠠᠨ ᠤ ᠠᠵᠢᠯ ᠤᠨ ᠭᠤᠤᠯᠳᠠᠯᠭ᠎ᠠ ᠪᠠᠨ ᠰᠤᠳᠤᠯᠤᠨ ᠪᠠᠶᠢᠷᠢᠯᠠᠭᠤᠯᠵᠠᠢ᠃ 

ᠥᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠵᠡᠷᠢᠶ᠎ᠠ ᠲᠠᠯᠪᠢᠵᠠᠢ᠃

ᠥᠪᠥᠷ ᠮᠤᠩᠭᠤᠯ 2014 ᠤᠨ ᠤ 9 ᠰᠠᠷ᠎ᠠ ᠳᠤ ᠤᠯᠤᠰ ᠤᠨ ᠠᠩᠬᠠᠳᠠᠬᠴᠢ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠮᠤᠵᠢ ᠤᠷᠤᠨ ᠪᠤᠯᠤᠬᠰᠠᠨ ᠠᠴᠠ ᠨᠠᠭᠠᠰᠢ᠂ 《ᠲᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠶᠡᠷᠥᠩᠭᠡᠢ ᠲᠥᠰᠥᠯ》   ᠢ ᠨᠠᠷᠢᠨ ᠬᠢᠨᠠᠮᠠᠭᠠᠢ ᠲᠤᠭᠤᠰᠢᠯᠠᠭᠤᠯᠵᠥ᠂ 《ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ( 2015 — 2017 ᠤᠨ )》   ᠳᠤ ᠲᠤᠬᠳᠠᠭᠠᠬᠰᠠᠨ ᠬᠠᠷᠠᠯᠳᠠ ᠡᠬᠦᠷᠭᠡ ᠪᠠᠨ ᠪᠡᠶᠡᠯᠡᠬᠦᠯᠵᠥ᠂ ᠥᠪᠥᠷ ᠮᠤᠩᠭᠤᠯ ᠤᠨ ᠤᠨᠴᠠᠯᠢᠬᠳᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠵᠠᠮ ᠢ ᠬᠠᠶᠢᠬᠰᠠᠨ ᠪᠠᠶᠢᠨ᠎ᠠ᠃ 

ᠬᠤᠷᠠᠯ ᠲᠡᠭᠡᠷ᠎ᠠ᠂ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ᠂ ᠰᠤᠷᠭᠠᠨ ᠬᠥᠮᠥᠵᠢᠯ ᠤᠨ ᠲᠢᠩᠭᠢᠮ ᠬᠥᠯ ᠪᠥᠮᠪᠦᠭᠡ ᠶᠢᠨ ᠥᠭᠡᠷᠡᠴᠢᠯᠠᠯᠳᠠ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠠᠵᠢᠯ ᠤᠨ ᠬᠥᠭᠵᠢᠯᠳᠠ ᠶᠢᠨ ᠪᠠᠶᠢᠳᠠᠯ ᠳᠤ ᠳ᠋ᠥᠡᠭᠨᠠᠯᠳᠠ ᠶᠢᠨ ᠬᠠᠷᠢᠭᠤ ᠮᠡᠳᠡᠭᠦᠯᠥᠯᠳᠠ ᠬᠢᠵᠥ᠂ ᠬᠤᠯᠪᠤᠬᠳᠠᠯ ᠪᠥᠬᠦᠢ ᠠᠶᠢᠮᠠᠬ ᠬᠤᠳᠠ ᠪᠠ ᠪᠠᠶᠢᠭᠤᠯᠭ᠎ᠠ ᠨᠢᠭᠡᠴᠢ ᠰᠠᠨᠠᠯ ᠰᠤᠯᠢᠯᠴᠠᠬᠤ ᠦᠭᠡ ᠶᠠᠷᠢᠪᠠ᠃ 

ᠠᠢ ᠯᠢ ᠬᠤᠸᠠ᠂ ᠡᠯ᠎ᠠ ᠱᠠᠳᠤᠨ ᠤ ᠡᠯ᠎ᠠ ᠰᠠᠯᠠᠭ᠎ᠠ ᠮᠥᠴᠢᠷ ᠨᠡᠶᠢᠳᠡᠯᠢᠭ ᠲᠤᠷᠰᠢᠯᠭ᠎ᠠ ᠪᠠᠷ ᠢᠳᠡᠪᠬᠢᠳᠠᠢ ᠪᠠᠷ ᠲᠤᠯᠢ ᠪᠤᠯᠭᠠᠨ᠂ ᠨᠢᠭᠡᠳᠤᠯᠳᠠᠢ ᠲᠥᠯᠥᠪᠵᠢᠬᠦᠯᠥᠨ ᠲᠤᠭᠤᠰᠢᠯᠠᠭᠤᠯᠬᠤ ᠶᠢ ᠰᠠᠶᠢᠳᠤᠷ ᠠᠳᠬᠤᠬᠤ ᠭᠡᠷᠡᠭᠳᠠᠢ᠃ ᠬᠥᠯ ᠪᠥᠮᠪᠦᠭᠡ ᠶᠢᠨ ᠥᠭᠡᠷᠡᠴᠢᠯᠠᠯᠳᠠ ᠶᠢ ᠥᠨᠡᠨ ᠬᠦ ᠨᠢᠭᠡᠨ ᠤᠯᠤᠰ ᠲᠥ᠋ᠷᠥ ᠶᠢᠨ ᠡᠬᠦᠷᠭᠡ ᠪᠤᠯᠭᠠᠨ᠂ ᠭᠡᠷᠡᠭᠵᠢᠬᠦᠯᠬᠦ ᠬᠥᠴᠥᠨ ᠪᠠ ᠲᠤᠭᠤᠰᠢᠯᠠᠭᠤᠯᠬᠤ ᠬᠥᠴᠥᠨ ᠢ ᠥᠨᠡᠨ ᠬᠦ ᠨᠡᠮᠡᠭᠳᠡᠬᠦᠯᠬᠦ ᠭᠡᠷᠡᠭᠳᠠᠢ᠃ ᠬᠥᠯ ᠪᠥᠮᠪᠦᠭᠡ ᠶᠢᠨ ᠥᠭᠡᠷᠡᠴᠢᠯᠠᠯᠳᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠥ᠂ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠲᠤᠭᠤᠰᠢᠯᠠᠭᠤᠯᠤᠨ ᠨᠠᠷᠢᠨ ᠲᠤᠭᠤᠰᠢᠯᠠᠭᠤᠯᠵᠥ ᠥᠨᠡᠨ ᠬᠦ ᠲᠤᠭᠤᠰᠢᠯᠠᠭᠤᠯᠬᠤ ᠶᠢ ᠠᠬᠢᠭᠤᠯᠬᠤ ᠭᠡᠷᠡᠭᠳᠠᠢ᠃ ᠬᠠᠷᠠᠯᠳᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠥ᠂ ᠲᠤᠳᠠᠭᠤᠳᠠᠯ ᠢᠶᠠᠨ ᠬᠦᠴᠦᠯᠡᠨ ᠨᠥᠬᠦᠪᠤᠷᠢᠯᠡᠨ᠂ ᠪᠠᠭᠤᠷᠠᠢ ᠲᠠᠯ᠎ᠠ ᠪᠠᠨ ᠬᠥᠴᠥᠷᠭᠡᠭᠵᠢᠬᠦᠯᠵᠥ᠂ ᠲᠠᠪᠠᠭᠤᠯᠢᠬ ᠢᠶᠠᠨ ᠨᠡᠮᠡᠭᠳᠡᠭᠦᠯᠬᠦ ᠭᠡᠷᠡᠭᠳᠠᠢ᠃ ᠪᠡᠶ᠎ᠠ ᠶᠢᠨ ᠲᠠᠮᠢᠷ ᠪᠠ ᠰᠤᠷᠭᠠᠨ ᠬᠥᠮᠥᠵᠢᠯ ᠢ ᠤᠯᠠᠮ ᠰᠠᠶᠢᠨ ᠠᠭᠤᠰᠤᠯᠴᠠᠭᠤᠯᠵᠥ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢ ᠲᠥᠷᠭᠡᠳᠭᠡᠨ ᠬᠥᠭᠵᠢᠬᠦᠯᠬᠦ ᠭᠡᠷᠡᠭᠳᠠᠢ᠃ ᠪᠥᠷᠢᠨ ᠲᠡᠬᠦᠯᠳᠡᠷ ᠵᠠᠯᠠᠭᠤᠴᠤᠳ ᠤᠨ ᠪᠤᠯᠪᠠᠰᠤᠷᠠᠯ ᠤᠨ ᠰᠢᠰᠲ᠋ᠧᠮ ᠢ ᠴᠢᠷᠮᠠᠶᠢᠨ ᠪᠤᠢ ᠪᠤᠯᠭᠠᠵᠥ᠂ ᠬᠥᠯ ᠪᠥᠮᠪᠦᠭᠡ ᠶᠢᠨ ᠪᠡᠯᠡᠳᠭᠡᠯ ᠴᠢᠳᠠᠪᠤᠷᠢᠳᠠᠨ ᠢ ᠬᠦᠮᠦᠵᠢᠭᠦᠯᠬᠦ ᠶᠢ ᠴᠢᠩᠭᠠᠳᠬᠠᠬᠤ ᠬᠡᠷᠡᠭᠳᠠᠢ᠃ ᠥᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠳᠠ ᠪᠠᠨ ᠴᠢᠩᠭᠠᠳᠬᠠᠵᠥ᠂ ᠤᠳᠤ ᠥᠶ᠎ᠠ ᠶᠢᠨ ᠬᠥᠯ ᠪᠥᠮᠪᠦᠭᠡ ᠶᠢᠨ ᠰᠤᠶᠤᠯ ᠢ ᠲᠠᠮᠵᠢᠭᠤᠯᠬᠤ ᠭᠡᠷᠡᠭᠳᠠᠢ᠃ ᠮᠠᠨ ᠤ ᠤᠷᠤᠨ ᠶᠡᠷᠥᠩᠭᠡᠢ ᠱᠥᠵᠢ ᠰᠢ ᠶᠢᠨ ᠫᠢᠡᠭ ᠤᠨ ᠬᠥᠯ ᠪᠥᠮᠪᠦᠭᠡ ᠶᠢᠨ ᠠᠵᠢᠯ ᠤᠨ ᠳᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠪᠥᠬᠦ ᠤᠷᠤᠨ ᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠬᠤ ᠭᠡᠷᠡᠭᠳᠠᠢ ᠬᠡᠵᠦ ᠴᠢᠬᠤᠯᠠᠴᠢᠯᠠᠵᠠᠢ᠃  

ᠢᠷᠡᠯᠳᠡ : 

ᠦᠪᠦᠷ ᠮᠣᠩᠭᠣᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ