ᠲᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠬᠰᠠᠨ ᠢᠶᠡᠷ᠂ ᠨᠢᠯᠬ᠎ᠠ ᠬᠡᠤᠬᠡᠳ ᠤᠨ ᠦᠰᠦᠨ ᠪᠤᠶᠢᠵᠢᠯᠲᠠ ᠪᠠ ᠡᠷᠡᠭᠦᠯ ᠮᠡᠨᠳᠦ ᠳ᠋ᠦ ᠵᠤᠷᠢᠭᠤᠯᠬᠤ ᠬᠠᠮᠤᠬ ᠰᠠᠶᠢᠨ ᠠᠷᠭ᠎ᠠ ᠪᠤᠯ ᠲᠦᠷᠦᠭᠰᠡᠨ ᠤ ᠳᠠᠷᠠᠭᠠᠬᠢ 6 ᠰᠠᠷ᠎ᠠ ᠶᠢᠨ ᠳᠤᠲᠤᠷ᠎ ᠴᠦᠮ ᠡᠬᠡ ᠶᠢᠨ ᠰᠦ ᠶᠢ ᠨᠢ ᠬᠦᠬᠦᠭᠦᠯᠬᠦ ᠪᠤᠯᠤᠨ᠎ᠠ᠃ ᠤᠴᠢᠷ ᠨᠢ ᠡᠬᠡ ᠶᠢᠨ ᠰᠦ ᠳᠦ ᠰᠢᠮ᠎ᠡ ᠲᠡᠵᠢᠭᠡᠯ ᠡᠯᠪᠡᠭ᠂ ᠠᠮᠠᠷᠬᠠᠨ ᠰᠢᠡᠭᠭᠡᠳᠡᠭ᠂ ᠤᠭᠤᠷᠠᠬ᠂ ᠦᠭᠡᠬᠦ᠂ ᠨᠡᠭᠦᠷᠡᠰᠦᠳᠦᠢᠷᠦᠭᠴᠢᠲᠦ ᠨᠢᠭᠡᠳᠪᠦᠷᠢ ᠵᠡᠷᠭᠡ ᠭᠤᠷᠪᠠᠨ ᠶᠡᠬᠡ ᠰᠢᠮ᠎ᠡ ᠲᠡᠵᠢᠭᠡᠯᠲᠦ ᠡᠳ᠋ ᠤᠨ ᠬᠠᠷᠢᠴᠠᠯ ᠨᠢ ᠲᠤᠬᠢᠷᠠᠮᠵᠢᠲᠠᠢ᠃

 ᠠᠦᠢᠰᠲᠷᠠᠯᠢᠶ᠎ᠠ ᠶᠢᠨ ᠬᠠᠮᠤᠬ ᠤᠨ ᠰᠢᠨ᠎ᠡ ᠰᠤᠳᠤᠯᠭᠠᠨ ᠳ᠋ᠦ ᠬᠠᠷᠠᠭᠤᠯᠤᠬᠰᠠᠨ ᠢᠶᠡᠷ᠂ ᠡᠬᠡ ᠶᠢᠨ ᠰᠦ ᠳ᠋ᠡᠭᠡᠨ ᠬᠠᠭᠠᠰ ᠵᠢᠯ ᠤᠯᠵᠦ ᠴᠠᠳᠤᠬᠰᠠᠨ ᠦᠭᠡᠢ ᠬᠡᠤᠬᠡᠳ ᠲᠤᠮᠤ ᠪᠤᠯᠤᠬᠰᠠᠨ ᠤ ᠳᠠᠷᠠᠭ᠎ᠠ ᠰᠫᠢᠷᠲ ᠤᠨ ᠴᠢᠨᠠᠷᠲᠠᠢ ᠦᠭᠡᠬᠦᠯᠡᠬᠦ ᠲᠦᠭᠰᠢᠭᠦᠷᠢ ᠨᠢ ᠨᠡᠡᠭ ᠦᠨᠳᠦᠷ᠃

 ᠰᠫᠢᠷᠲ ᠤᠨ ᠴᠢᠨᠠᠷᠲᠠᠢ ᠡᠯᠢᠭᠡ ᠦᠭᠡᠬᠦᠯᠡᠬᠦ ᠪᠤᠯ ᠬᠦᠭᠵᠢᠭᠰᠡᠨ ᠤᠯᠤᠰ ᠤᠳ ᠲᠦ ᠦᠷᠬᠦᠯᠵᠢ ᠳᠤᠬᠢᠶᠠᠯᠳᠤᠳᠠᠬ ᠡᠪᠡᠳᠴᠢᠨ ᠪᠠᠶᠢᠵᠦ᠂ ᠳᠦᠷᠪᠡᠨ ᠤ ᠨᠢᠭᠡ ᠶᠢᠨ ᠲᠤᠮᠤᠴᠤᠤᠯ ᠲᠤᠰ ᠡᠪᠡᠳᠴᠢᠨ ᠳ᠋ᠦ ᠤᠷᠢᠶᠠᠬᠳᠠᠵᠦ ᠪᠠᠶᠢᠳᠠᠬ᠃ ᠲᠡᠷᠡ ᠨᠢ ᠶᠡᠷᠦ ᠳ᠋ᠡᠭᠡᠨ ᠮᠠᠷᠢᠶᠠᠯᠠᠬᠤ᠂ ᠰᠢᠬᠢᠷ ᠰᠢᠵᠢᠡᠭ ᠡᠪᠡᠳᠴᠢᠨ ᠲᠠᠢ ᠬᠤᠯᠪᠤᠭ᠎ᠠ ᠲᠠᠢ᠃

 ᠡᠬᠡ ᠶᠢᠨ ᠰᠦ ᠪᠡᠷ ᠲᠡᠵᠢᠭᠡᠬᠦ ᠬᠢᠭᠡᠳ ᠲᠤᠰ ᠡᠪᠡᠳᠴᠢᠨ ᠤ ᠬᠤᠭᠤᠷᠤᠨᠳᠤᠬᠢ ᠬᠠᠷᠢᠴᠠᠭ᠎ᠠ ᠶᠢ ᠤᠶᠢᠯᠠᠭᠠᠬᠤ ᠶᠢᠨ ᠲᠦᠯᠦᠭᠡ᠂ ᠪᠠᠷᠠᠭᠤᠨ ᠠᠦᠢᠰᠲᠷᠠᠯᠢᠶ᠎ᠠ ᠶᠡᠬᠡ ᠰᠤᠷᠭᠠᠭᠤᠯᠢ ᠶᠢᠨ ᠰᠤᠳᠤᠯᠭᠠᠲᠠᠳ 1100 ᠨᠢᠯᠬ᠎ᠠ ᠬᠡᠤᠬᠡᠳ ᠲᠦ ᠮᠦᠷᠳᠡᠯ ᠪᠠᠶᠢᠴᠠᠭᠠᠯᠲᠠ ᠬᠢᠪᠡ᠃ ᠲᠡᠳᠡᠨᠦᠰ ᠢ 17 ᠨᠠᠰᠤᠯᠠᠬᠤ ᠦᠶᠡᠰ ᠡᠯᠢᠭᠡ ᠶᠢ ᠨᠢ ᠪᠠᠶᠢᠴᠠᠭᠠᠬᠰᠠᠨ ᠳ᠋ᠦ 15% ᠶᠢᠨ ᠪᠠᠶᠢᠴᠠᠭᠠᠬᠳᠠᠬᠰᠠᠳ ᠨᠢ ᠰᠫᠢᠷᠲ ᠤᠨ ᠴᠢᠨᠠᠷᠲᠠᠢ ᠡᠯᠢᠭᠡ ᠦᠭᠡᠬᠦᠯᠡᠬᠦ ᠡᠪᠡᠳᠴᠢᠨ ᠳ᠋ᠦ ᠨᠡᠷᠪᠡᠭᠳᠡᠭᠰᠡᠨ ᠪᠠᠶᠢᠯ᠎ᠠ᠃ ᠵᠠᠳᠠᠯᠤᠯᠲᠠ ᠶᠢᠨ ᠳ᠋ᠦᠡᠭ ᠳ᠋ᠦ ᠢᠯᠡᠷᠡᠭᠦᠯᠦᠭᠰᠡᠨ ᠢᠶᠡᠷ᠂ ᠡᠬᠡ ᠶᠢᠨ ᠰᠦ ᠢᠶᠡᠨ ᠬᠦᠬᠦᠭᠰᠡᠨ ᠴᠠᠬ ᠨᠢ ᠤᠷᠲᠦ ᠨᠢᠯᠬ᠎ᠠ ᠬᠡᠤᠬᠡᠳ ᠲᠠᠢ ᠬᠠᠷᠢᠴᠠᠭᠤᠯᠪᠠᠯ ᠡᠬᠡ ᠶᠢᠨ ᠰᠦ ᠪᠡᠨ ᠬᠦᠬᠦᠭᠰᠡᠨ ᠴᠠᠬ ᠨᠢ 6 ᠰᠠᠷ᠎ᠠ ᠬᠦᠷᠬᠦ ᠦᠭᠡᠢ ᠨᠢᠯᠬ᠎ᠠ ᠬᠡᠤᠬᠡᠳ ᠤᠨ ᠲᠤᠮᠤ ᠪᠤᠯᠤᠬᠰᠠᠨ ᠤ ᠳᠠᠷᠠᠭ᠎ᠠ ᠡᠯᠢᠭᠡᠨ ᠡᠪᠡᠳᠴᠢᠨ ᠳ᠋ᠦ ᠨᠡᠷᠪᠡᠭᠳᠡᠬᠦ ᠲᠦᠭᠰᠢᠭᠦᠷᠢ ᠨᠢ 40% ᠪᠡᠷ ᠨᠡᠮᠡᠭᠳᠡᠭᠰᠡᠨ ᠪᠠᠶᠢᠪᠠ᠃

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ