2019 ᠤᠨ ᠤ 1 ᠰᠠᠷ᠎ᠠ ᠶᠢᠨ 5 ᠤ ᠡᠳᠦᠷ᠂ ᠬᠡᠰᠢᠭᠳᠡᠨ ᠬᠤᠰᠢᠭᠤᠨ ᠤ ᠠᠷᠪᠠᠨ ᠬᠤᠶᠠᠳᠠᠬᠢ ᠡᠪᠦᠯ ᠤᠨ ᠤᠯᠠᠷᠢᠯ ᠤᠨ ᠰᠤᠶᠤᠯ ᠵᠢᠭᠤᠯᠴᠢᠯᠠᠯ ᠤᠨ ᠨᠠᠶᠢᠷ ᠪᠤᠶᠤ ᠲᠠᠷᠬᠠᠬᠠᠭᠤᠯᠠ ᠰᠤᠮᠤᠨ ᠤ ᠶᠢᠰᠦᠳᠦᠬᠡᠷ ᠬᠤᠭᠤᠴᠠᠭᠠᠨ ᠤ ᠮᠦᠡᠭᠬᠦᠨ ᠡᠪᠦᠯ ᠤᠨ ᠲᠡᠮᠡᠬᠡᠨ ᠰᠤᠶᠤᠯ ᠤᠨ ᠨᠠᠶᠢᠷ ᠲᠠᠷᠬᠠᠬᠠᠭᠤᠯᠠ ᠰᠤᠮᠤᠨ ᠤ ᠲᠠᠯᠤ ᠭᠠᠴᠠᠭᠠᠨ ᠳᠤ ᠨᠢᠵᠢᠬᠢᠷ ᠡᠬᠢᠯᠡᠪᠡ᠃

ᠦᠡᠭᠭᠡ ᠦᠡᠭᠭᠡ ᠶᠢᠨ ᠦᠨᠳᠦᠰᠦᠳᠡᠨ ᠤ ᠬᠤᠪᠴᠠᠰᠦ ᠵᠠᠰᠠᠯ ᠢᠶᠠᠷ ᠭᠤᠶᠤᠬᠰᠠᠨ ᠲᠠᠯ᠎ᠠ ᠨᠤᠳᠤᠭ ᠤᠨ ᠦᠬᠢᠳ ᠬᠦᠪᠡᠬᠦᠳ᠂ ᠦᠡᠭᠭᠡ ᠭᠠᠷᠳᠠᠯ᠎ᠠ ᠴᠢᠮᠡᠭᠰᠡᠨ ᠭᠠᠨᠭ᠍ᠭᠠᠡᠭ ᠲᠡᠮᠡᠭᠡᠳ᠂ ᠰᠠᠬᠰᠤᠷᠭ᠎ᠠ ᠬᠦᠤᠷᠬᠡ ᠲᠠᠳᠠᠭᠤᠯᠤᠬᠰᠠᠨ ᠡᠮᠨᠢᠭ ᠮᠤᠷᠢᠳ ᠪᠤᠶᠤ ᠠᠳᠤᠭᠤᠴᠢᠳ᠂ ᠤᠷᠳᠦ ᠪᠤᠭᠤᠨᠢ ᠬᠡᠷᠡᠯ ᠵᠢᠷᠤᠭ ᠤᠨ ᠮᠠᠰᠢᠨ ᠡᠬᠦᠷᠦᠨ ᠶᠠᠭᠠᠷᠠᠯᠳᠤᠬᠰᠠᠨ ᠠᠶᠠᠯᠠᠴᠢᠨ ᠵᠢᠭᠤᠯᠴᠢᠳ ᠁ ᠴᠠᠰᠤᠨ ᠬᠤᠴᠢᠯᠭᠠᠳᠦ ᠢᠴᠡᠬᠡᠯᠡᠭᠰᠡᠨ ᠲᠠᠯ᠎ᠠ ᠶᠢ ᠰᠡᠷᠢᠬᠡᠨ ᠪᠤᠵᠢᠬᠢᠨᠠᠯᠳᠤᠵᠦ᠂ ᠵᠢᠩ ᠡᠪᠦᠯ ᠤᠨ ᠬᠦᠢᠳᠡᠨ ᠳᠤ ᠭᠠᠯ ᠬᠠᠯᠠᠭᠤᠨ ᠬᠦᠭᠵᠢᠶᠡᠨ ᠪᠤᠯᠵᠠᠭᠠᠨ᠎ᠠ᠃

ᠬᠡᠰᠢᠭᠳᠡᠨ ᠬᠤᠰᠢᠭᠤᠨ ᠤ ᠲᠠᠷᠬᠠᠬᠠᠭᠤᠯᠠ ᠰᠤᠮᠤᠨ ᠤ ᠮᠦᠡᠭᠬᠦᠨ ᠡᠪᠦᠯ ᠤᠨ ᠲᠡᠮᠡᠬᠡᠨ ᠰᠤᠶᠤᠯ ᠤᠨ ᠨᠠᠶᠢᠷ ᠨᠢ ᠶᠢᠰᠦᠳᠡᠬᠢ ᠬᠤᠭᠤᠴᠠᠭ᠎ᠠ ᠶᠠᠪᠤᠬᠳᠠᠵᠦ ᠪᠠᠶᠢᠭ᠎ᠠ ᠪᠠᠷ ᠢᠶᠠᠨ ᠲᠠᠰᠤᠷᠠᠯᠳᠠ ᠦᠭᠡᠢ ᠦᠷᠬᠡᠵᠢᠨ ᠪᠤᠵᠠᠭᠠᠢᠢᠷᠠᠵᠦ᠂ ᠤᠳᠬ᠎ᠠ ᠠᠭᠤᠯᠭ᠎ᠠ ᠦᠷᠬᠡᠨ ᠲᠡᠯᠭᠡᠷ ᠪᠤᠯᠵᠦ᠂ ᠡᠪᠦᠯ ᠤᠨ ᠤᠯᠠᠷᠢᠯ ᠤᠨ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠪᠤᠯᠤᠨ ᠤᠷᠤᠨ ᠠᠶᠢᠮᠠᠭ ᠲᠡᠳᠦᠢ ᠦᠭᠡᠢ᠂ ᠤᠯᠤᠰ ᠲᠠᠶᠠᠭᠠᠷ ᠠᠯᠳᠠᠷᠰᠢᠵᠦ᠂ ᠬᠤᠯᠠ ᠤᠢᠢᠷ᠎ᠠ ᠶᠢᠨ ᠠᠶᠠᠯᠠᠴᠢᠨ ᠵᠢᠭᠤᠯᠴᠢᠯᠠᠬᠴᠢᠳ᠂ ᠬᠡᠭᠡᠷᠡᠯᠡᠬᠦ ᠪᠠᠭ᠋ᠠᠳᠠᠳ ᠤᠨ ᠵᠤᠷᠢᠵᠦ ᠢᠷᠡᠵᠦ ᠰᠤᠨᠢᠷᠬᠠᠳᠠᠭ ᠨᠠᠶᠢᠷ ᠨᠠᠭᠠᠳᠤᠮ ᠪᠤᠯᠤᠬᠰᠠᠨ ᠪᠢᠯᠡ᠃

ᠡᠬᠢᠯᠡᠯᠳᠡ ᠶᠢᠨ ᠶᠤᠰᠤᠯᠠᠯ ᠳᠤ᠂ ᠶᠢᠰᠤᠨ ᠴᠠᠭᠠᠨ ᠰᠦᠯᠳᠡ ᠪᠠᠨ ᠲᠡᠭᠡᠳᠦᠯᠡᠭᠰᠡᠨ ᠮᠤᠷᠢᠳ ᠤᠨ ᠡᠩᠨᠡᠭᠡ ᠶᠢᠨ ᠲᠠᠭᠠᠤ 《ᠲᠠᠷᠬᠠᠬᠠᠭᠤᠯᠠ ᠰᠤᠶᠤᠯ ᠤᠷᠠᠯᠢᠭ ᠤᠨ ᠨᠤᠳᠤᠭ》 ᠢᠯᠡᠷᠬᠡᠶᠢᠯᠡᠯ ᠲᠡᠷᠢᠬᠦᠳᠡᠢ ᠲᠡᠮᠡᠬᠡᠨ ᠵᠢᠩ ᠤᠨ ᠵᠢᠬᠰᠠᠭᠠᠯ᠂ ᠲᠡᠮᠡᠬᠡᠨ ᠴᠢᠷᠭ᠎ᠠ ᠶᠢᠨ ᠵᠢᠬᠰᠠᠭᠠᠯ᠂ ᠠᠳᠤᠭᠤᠴᠢᠳ ᠤᠨ ᠵᠢᠬᠰᠠᠭᠠᠯ᠂ ᠡᠯ᠎ᠡ ᠭᠠᠴᠠᠭ᠎ᠠ ᠰᠤᠮᠤᠨ ᠤ ᠵᠢᠬᠰᠠᠭᠠᠯ ᠵᠡᠷᠬᠡ ᠬᠤᠶᠢᠨ᠎ᠠ ᠬᠤᠶᠢᠨ᠎ᠠ ᠠᠴᠠ ᠪᠠᠨ ᠵᠢᠭᠳᠡᠷᠡᠨ ᠨᠠᠶᠢᠷ ᠤᠨ ᠲᠠᠯᠠᠪᠠᠢ ᠪᠠᠨ ᠴᠢᠮᠡᠭᠯᠡᠵᠦ᠂ ᠦᠡᠭ ᠵᠤᠵᠠᠭᠠᠨ ᠦᠨᠳᠦᠰᠦᠳᠡᠨ ᠤ ᠠᠭᠤᠷ ᠠᠮᠢᠰᠬᠤᠯ ᠢᠶᠠᠷ ᠬᠤᠷᠠᠬᠰᠠᠨ ᠤᠯᠠᠨ ᠢᠶᠠᠨ ᠪᠠᠶᠠᠰᠬᠠᠬᠰᠠᠨ ᠪᠠᠶᠢᠨ᠎ᠠ᠃ ᠡᠬᠢᠯᠡᠯᠳᠡ ᠶᠢᠨ ᠶᠤᠰᠤᠯᠠᠯ ᠳᠤ ᠪᠠᠰᠠ ᠰᠢᠬᠦᠰᠦ ᠡᠪᠳᠡᠬᠦ᠂ ᠲᠤᠯᠭ᠎ᠠ ᠶᠢᠨ ᠭᠠᠯ ᠬᠦᠭᠵᠢᠬᠡᠵᠦ᠂ ᠰᠠᠩ ᠲᠠᠯᠪᠢᠬᠤ ᠵᠡᠷᠬᠡ ᠶᠤᠰᠤᠯᠠᠯ ᠶᠠᠪᠤᠬᠳᠠᠭᠤᠯᠤᠬᠰᠠᠨ ᠪᠠᠶᠢᠨ᠎ᠠ᠃

ᠲᠠᠷᠬᠠᠬᠠᠭᠤᠯᠠ ᠰᠤᠮᠤᠨ ᠤ ᠮᠦᠡᠭᠬᠦᠨ ᠡᠪᠦᠯ ᠤᠨ ᠲᠡᠮᠡᠬᠡᠨ ᠰᠤᠶᠤᠯ ᠤᠨ ᠨᠠᠶᠢᠷ ᠤᠨ ᠬᠢᠨ ᠪᠠᠷᠢᠮᠳᠠᠯᠠᠵᠦ ᠢᠷᠡᠭᠰᠡᠨ ᠪᠠᠰᠠ ᠨᠢᠬᠡᠨ ᠵᠤᠷᠢᠯᠭ᠎ᠠ ᠵᠤᠷᠢᠯᠳᠠ ᠪᠤᠯ ᠨᠡᠬᠦᠳᠡᠯ ᠰᠤᠶᠤᠯ ᠢᠶᠠᠨ ᠬᠦᠭᠵᠢᠬᠡᠨ ᠪᠠᠳᠠᠷᠠᠭᠠᠵᠦ᠂ ᠠᠷᠠᠳ ᠲᠦᠮᠡᠨ ᠢᠶᠠᠨ ᠪᠠᠶᠠᠰᠬᠠᠬᠤ ᠬᠡᠰᠡᠨ ᠪᠠᠶᠢᠳᠠᠭ᠃ ᠲᠡᠶᠢᠮᠦ ᠤᠳᠬ᠎ᠠ ᠪᠠᠷ ᠢᠶᠠᠨ ᠡᠬᠢᠯᠡᠯᠳᠡ ᠶᠢᠨ ᠶᠤᠰᠤᠯᠠᠯ ᠳᠤ ᠮᠠᠯ ᠰᠢᠨᠡᠯᠡᠬᠦᠯᠬᠦ ᠶᠤᠰᠤᠨ ᠢ ᠦᠪᠯᠡᠨ ᠤᠯᠠᠮᠵᠢᠯᠠᠬᠰᠠᠨ ᠬᠦᠡᠭᠭᠡᠷ ᠭᠠᠴᠠᠭ᠎ᠠ᠂ ᠬᠡᠤᠬᠡᠳ ᠤᠨ ᠤᠪᠤᠭᠠᠨ ᠰᠤᠶᠤᠯ ᠢ ᠤᠯᠠᠮᠵᠢᠯᠠᠨ ᠲᠡᠯᠬᠡᠷᠡᠬᠦᠯᠵᠦ ᠢᠷᠡᠭᠰᠡᠨ ᠪᠠᠶᠠᠨᠰᠢᠯᠢ ᠭᠠᠴᠠᠭ᠎ᠠ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠲᠤ ᠵᠢᠳᠬᠦᠯ ᠦᠵᠡᠬᠦᠯᠦᠭᠰᠡᠨ ᠪᠠᠶᠠᠨᠮᠡᠨᠳᠦ ᠭᠠᠴᠠᠭᠠᠨ ᠤ ᠪᠠᠭ᠎ᠠ ᠰᠤᠷᠭᠠᠭᠤᠯᠢ ᠵᠡᠷᠬᠡ ᠲᠡᠷᠢᠬᠦᠨ ᠤ ᠬᠠᠮᠳᠦ ᠨᠢᠭᠡᠴᠢ ᠶᠢ ᠬᠦᠬᠢᠬᠦᠯᠦᠨ ᠰᠠᠶᠢᠰᠢᠶᠠᠬᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠲᠡᠮᠡᠬᠡᠨ ᠰᠤᠶᠤᠯ ᠢ ᠤᠯᠠᠮᠵᠢᠯᠠᠨ ᠬᠦᠭᠵᠢᠬᠦᠯᠬᠦ ᠳᠤ ᠦᠯᠡᠮᠵᠢ ᠵᠢᠳᠬᠦᠯ ᠦᠵᠡᠬᠦᠯᠦᠭᠰᠡᠨ ᠮᠠᠯᠴᠢᠨ ᠪᠢᠯᠢᠭᠳᠦ᠂ ᠪᠤᠳᠠᠰ ᠤᠨ ᠪᠤᠰᠤ ᠰᠤᠶᠤᠯ ᠤᠨ ᠦᠪ ᠴᠠᠭᠠᠨ ᠢᠳᠡᠭᠡ ᠶᠢ ᠤᠯᠠᠮᠵᠢᠯᠠᠨ ᠲᠡᠯᠬᠡᠷᠡᠬᠦᠯᠦᠭᠰᠡᠨ ᠮᠠᠯᠴᠢᠨ ᠰᠤᠶᠤᠯᠳᠦ᠂ ᠮᠤᠩᠭᠤᠯ ᠡᠮ ᠡᠮᠨᠡᠯᠬᠡ ᠶᠢᠨ ᠠᠷᠠᠳ ᠤᠨ ᠵᠢᠳᠬᠦᠯᠳᠡᠨ ᠪᠠᠳᠠᠷᠠᠬᠤ ᠵᠡᠷᠬᠡ ᠦᠨᠳᠦᠰᠦᠳᠡᠨ ᠤ ᠰᠤᠶᠤᠯ ᠤᠨ ᠦᠪ ᠤᠯᠠᠮᠵᠢᠯᠠᠯ ᠳᠤ ᠵᠢᠳᠬᠦᠯ ᠦᠵᠡᠬᠦᠯᠦᠭᠰᠡᠨ ᠲᠡᠷᠢᠬᠦᠨ ᠤ ᠬᠤᠪᠢ ᠬᠦᠮᠦᠨ ᠵᠢᠴᠢ ᠵᠢᠱᠢᠶᠡᠴᠢ ᠮᠠᠯᠴᠢᠳ ᠢᠶᠠᠨ ᠰᠠᠶᠢᠰᠢᠶᠠᠨ ᠬᠦᠬᠢᠬᠦᠯᠦᠭᠰᠡᠨ ᠪᠠᠶᠢᠨ᠎ᠠ᠃

ᠬᠤᠶᠠᠷ ᠡᠳᠦᠷ ᠶᠠᠪᠤᠬᠳᠠᠬᠰᠠᠨ ᠲᠡᠮᠡᠬᠡᠨ ᠰᠤᠶᠤᠯ ᠤᠨ ᠨᠠᠶᠢᠷ ᠨᠢ 128 ᠬᠦᠴᠦᠳᠦ ᠪᠦᠬᠡ ᠶᠢᠨ ᠪᠠᠷᠢᠯᠳᠤᠭᠠᠨ᠂ ᠮᠤᠷᠢᠨ ᠤᠷᠤᠯᠳᠤᠭᠠᠨ᠂ ᠲᠡᠮᠡᠬᠡᠨ ᠤ ᠤᠷᠤᠯᠳᠤᠭᠠᠨ ᠵᠢᠴᠢ ᠭᠠᠨᠭ᠍ᠭᠠᠡᠭ ᠲᠡᠮᠡᠬᠡᠨ ᠤ ᠰᠢᠯᠭᠠᠷᠠᠭᠤᠯᠤᠯᠳᠠ ᠵᠡᠷᠬᠡ ᠪᠠᠶᠠᠯᠢᠭ ᠠᠭᠤᠯᠭ᠎ᠠ ᠶᠢ ᠬᠠᠮᠤᠷᠤᠬᠰᠠᠨ ᠪᠠᠶᠢᠨ᠎ᠠ᠃

ᠢᠷᠡᠯᠳᠡ : 

 ᠦᠪᠦᠷ ᠮᠣᠩᠭᠣᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ