— ᠮᠠᠨ ᠤ ᠤᠷᠤᠨ ᠤ ᠬᠥᠯ ᠪᠥᠮᠪᠦᠭᠡ ᠶᠢᠨ ᠬᠥᠳᠡᠯᠭᠡᠭᠡᠨ ᠤ ᠪᠤᠵᠠᠭᠠᠢᠢᠷᠠᠯᠳᠠ ᠶᠢᠨ ᠲᠤᠬᠠᠢ ᠰᠢᠷᠪᠢᠯᠳᠠ


ᠲᠥᠷᠥᠬᠦᠬᠡᠨ 2018 ᠤᠨ ᠤ ᠥᠪᠥᠷ ᠮᠤᠩᠭᠤᠯ ᠤᠨ ᠬᠥᠯ ᠪᠥᠮᠪᠦᠭᠡ ᠶᠢᠨ ᠥᠪᠡᠳᠡᠭᠰᠢ ᠨᠠᠶᠢᠷ ᠬᠥᠬᠡᠬᠤᠳᠠ ᠳᠤ ᠶᠠᠪᠤᠬᠳᠠᠵᠥ᠂ ᠪᠥᠬᠦ ᠤᠷᠤᠨ ᠤ ᠡᠯ᠎ᠠ ᠭᠠᠵᠠᠷ ᠤᠷᠤᠨ ᠤ ᠬᠥᠯ ᠪᠥᠮᠪᠦᠭᠡ ᠶᠢᠨ ᠬᠠᠮᠢᠶ᠎ᠠ ᠪᠦᠭᠦᠢ ᠨᠢᠭᠡᠴᠢ ᠶᠢᠨ ᠠᠵᠢᠯᠳᠠᠨ᠂ ᠪᠦᠮᠪᠦᠭᠡᠨ ᠪᠠᠭ᠋ᠠᠳᠠᠳ ᠵᠢᠴᠢ ᠬᠥᠯ ᠪᠥᠮᠪᠦᠭᠡ ᠶᠢᠨ ᠬᠥᠳᠡᠯᠭᠡᠭᠡᠨ ᠳᠤ ᠤᠷ᠎ᠠ ᠠᠪᠢᠶᠠᠰ ᠢᠶᠠᠨ ᠭᠠᠶᠢᠬᠠᠭᠤᠯᠤᠬᠰᠠᠨ ᠰᠢᠯᠢᠳᠡᠭ ᠲᠡᠮᠢᠷᠴᠢᠳ ᠬᠤᠷᠠᠨ ᠴᠤᠬᠯᠠᠷᠠᠵᠤ᠂ ᠡᠯᠪᠡᠭ ᠬᠤᠷᠢᠶᠠᠯᠳᠠ ᠶᠢᠨ ᠥᠷ᠎ᠠ ᠪᠥᠳᠥᠮᠵᠢ ᠪᠠᠨ ᠳ᠋ᠦᠩᠨᠡᠨ᠂ ᠬᠥᠯ ᠪᠥᠮᠪᠦᠭᠡ ᠶᠢᠨ ᠬᠠᠪᠤ ᠴᠡᠩᠭᠡᠯ ᠢ ᠬᠤᠪᠢᠶᠠᠯᠴᠠᠭᠰᠠᠨ ᠪᠠᠶᠢᠨ᠎ᠠ᠃ 

2014 ᠤᠨ ᠤ 9 ᠰᠠᠷ᠎ᠠ ᠳᠤ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠥ᠋ᠬᠦ ᠤᠯᠤᠰ ᠤᠨ ᠴᠤᠷ ᠤᠨ ᠭᠠᠭᠴᠠ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠮᠤᠵᠢ ᠤᠷᠤᠨ ᠢᠶᠠᠷ ᠲᠤᠬᠳᠠᠭᠠᠬᠳᠠᠬᠰᠠᠨ ᠤ ᠲᠠᠷᠠᠭ᠎ᠠ᠂ ᠮᠠᠨ ᠤ ᠤᠷᠤᠨ ᠤ ᠬᠥᠯ ᠪᠥᠮᠪᠦᠭᠡ ᠶᠢᠨ ᠬᠥᠳᠡᠯᠭᠡᠭᠡᠨ ᠨᠢᠭᠡᠨᠳᠠ 5 ᠳ᠋ᠤᠭᠠᠷ ᠵᠢᠯ ᠤᠨ ᠬᠦᠭᠵᠢᠯᠲᠡ ᠶᠢᠨ ᠠᠶᠠᠨ ᠢᠶᠠᠨ ᠬᠥᠬᠡᠬᠡᠵᠥ ᠪᠤᠢ᠃ ᠵᠢᠯ ᠳᠤ ᠨᠢᠬᠡ ᠤᠳᠠᠭ᠎ᠠ ᠶᠠᠪᠤᠬᠳᠠᠳᠠᠬ ᠬᠥᠯ ᠪᠥᠮᠪᠦᠭᠡ ᠶᠢᠨ ᠥᠪᠡᠳᠡᠭᠰᠢ ᠴᠤᠬᠯᠠᠭᠠᠨ ᠨᠢ ᠮᠠᠨ ᠤ ᠤᠷᠤᠨ ᠤ ᠬᠥᠯ ᠪᠥᠮᠪᠦᠭᠡ ᠶᠢᠨ ᠪᠡᠶ᠎ᠠ ᠶᠢᠨ ᠲᠠᠮᠢᠷ ᠤᠨ ᠨᠢᠬᠡ ᠵᠢᠯ ᠤᠨ ᠲᠤᠷᠰᠢᠬᠢ ᠬᠥᠭᠵᠢᠯᠳᠠ ᠶᠢ ᠡᠷᠬᠢᠴᠡᠬᠦᠯᠥᠨ ᠳ᠋ᠥᠡᠭᠨᠠᠬᠦ ᠪᠠᠷ ᠥᠯᠥ ᠪᠠᠷᠠᠮ᠂ ᠰᠢᠯᠢᠳᠡᠭ ᠬᠥᠯ ᠪᠥᠮᠪᠥᠭᠡᠴᠢᠳ ᠢᠶᠠᠨ ᠵᠤᠷᠢᠬᠵᠢᠭᠤᠯᠤᠨ ᠱᠠᠩᠨᠠᠬᠤ ᠨᠢ ᠴᠤ ᠮᠠᠨ ᠤ ᠤᠷᠤᠨ ᠤ ᠬᠥᠯ ᠪᠥᠮᠪᠦᠭᠡ ᠶᠢᠨ ᠪᠡᠶ᠎ᠠ ᠶᠢᠨ ᠲᠠᠮᠢᠷ ᠤᠨ ᠬᠥᠳᠡᠯᠭᠡᠭᠡᠨ 《ᠰᠢᠨ᠎ᠠ》 ᠡᠬᠢᠯᠡᠯᠲᠡ ᠠᠴᠠ ᠵᠢᠪᠬᠤᠭᠠᠯᠢᠬ ᠲᠥᠷᠬᠦ ᠪᠠᠷ ᠲᠤᠷᠪᠢᠯᠢᠬ ᠠᠯᠬᠤᠵᠤ᠂ 《ᠪᠥᠬᠦ ᠲᠠᠯ᠎ᠠ》 ᠪᠠᠷ ᠴᠡᠴᠡᠭᠯᠡᠨ ᠬᠥᠭᠵᠢᠭᠦ ᠲᠡᠤᠭᠡᠳᠤ ᠥᠡᠭᠭᠡᠷᠡᠯᠳᠠ ᠶᠢ ᠭᠡᠷᠡᠴᠢᠯᠠᠵᠥ᠂ ᠲᠡᠮᠳᠡᠭᠯᠡᠵᠥ᠂ ᠪᠢᠴᠢᠭᠯᠡᠵᠥ ᠪᠠᠶᠢᠭ᠎ᠠ ᠶᠠᠪᠤᠳᠠᠯ ᠪᠤᠯᠬᠤ ᠶᠤᠮ᠃ ᠥᠢᠯᠠᠭᠠᠬᠰᠠᠨ ᠢᠶᠠᠷ᠂ ᠤᠳᠤᠬᠠᠨ ᠳᠤ ᠪᠥᠬᠦ ᠤᠷᠤᠨ ᠤ ᠬᠥᠯ ᠪᠥᠮᠪᠦᠭᠡ ᠶᠢᠨ ᠲᠠᠯᠡᠪᠤᠷ ᠨᠢᠬᠡᠨᠳᠠ 3518 ᠪᠤᠯᠤᠨ ᠨᠡᠮᠡᠭᠳᠡᠵᠥ᠂ ᠪᠥᠬᠦ ᠤᠷᠤᠨ ᠤ ᠬᠥᠯ ᠪᠥᠮᠪᠦᠭᠡ ᠶᠢᠨ ᠲᠠᠮᠢᠷᠴᠢᠨ ᠢᠶᠠᠷ ᠲᠠᠩᠰᠠᠯᠠᠭᠤᠯᠤᠬᠰᠠᠨ ᠵᠠᠯᠠᠭᠤᠴᠤᠳ ᠪᠠᠭᠠᠴᠤᠳ ᠲᠤᠷᠰᠢᠯᠳᠠ ᠶᠢᠨ ᠴᠡᠭ ᠤᠨ ᠮᠤᠵᠢ ᠤᠷᠤᠨ ᠢᠶᠠᠷ ᠲᠤᠬᠳᠠᠭᠠᠬᠳᠠᠬᠰᠠᠨ ᠤ ᠡᠬᠢᠨ ᠤ ᠥᠶ᠎ᠠ ᠶᠢᠨ 2000 ᠭᠠᠷᠤᠢ ᠬᠥᠮᠥᠨ ᠪᠠᠶᠢᠬᠰᠠᠨ ᠠᠴᠠ ᠪᠠᠨ ᠤᠳᠤᠬᠠᠨ ᠳᠤ 13423 ᠬᠥᠮᠥᠨ ᠪᠤᠯᠤᠨ ᠨᠡᠮᠡᠭᠳᠡᠵᠥ᠂ ᠥᠪᠥᠷ ᠮᠤᠩᠭᠤᠯ ᠤᠨ ᠤᠨᠴᠠᠯᠢᠬᠳᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠪᠤᠯᠪᠠᠰᠤᠷᠠᠯ ᠥᠷᠢᠰᠥᠯᠳᠥᠭᠡᠨ ᠤ ᠰᠢᠰᠲ᠋ᠧᠮ ᠢ ᠠᠩᠬ᠎ᠠ ᠠᠯᠬᠤᠮ ᠪᠥᠷᠢᠯᠳᠥᠬᠦᠯᠥᠭᠰᠡᠨ ᠪᠠᠶᠢᠨ᠎ᠠ᠃ ᠪᠥᠬᠦ ᠤᠷᠤᠨ ᠤ ᠵᠡᠷᠭᠡ ᠲᠠᠰ ᠲᠤ ᠬᠥᠷᠥᠭᠰᠡᠨ ᠬᠢᠨᠠᠬᠴᠢ 3086 ᠬᠦᠮᠦᠨ ᠪᠤᠯᠤᠨ ᠪᠤᠵᠠᠭᠠᠢᠢᠷᠠᠬᠰᠠᠨ ᠪᠠᠶᠢᠨ᠎ᠠ᠃

2018 ᠤᠨ ᠪᠤᠯ ᠮᠠᠨ ᠤ ᠤᠷᠤᠨ ᠤ ᠬᠥᠯ ᠪᠥᠮᠪᠦᠭᠡ ᠶᠢᠨ ᠪᠠᠰᠠ ᠨᠢᠭᠡᠨ ᠲᠤᠷᠪᠢᠯᠢᠬ ᠠᠯᠬᠤᠭ᠎ᠠ ᠠᠯᠬᠤᠬᠰᠠᠨ ᠵᠢᠯ ᠪᠤᠯᠬᠤ ᠶᠤᠮ᠃ ᠨᠢᠬᠡ ᠵᠢᠯ ᠤᠨ ᠲᠤᠷᠰᠢ᠂ ᠬᠥᠯ ᠪᠥᠮᠪᠦᠭᠡ ᠶᠢᠨ ᠬᠥᠳᠡᠯᠭᠡᠭᠡᠨ ᠤ ᠰᠠᠭᠤᠷᠢ ᠪᠥᠳᠥᠭᠡᠨ ᠪᠠᠶᠢᠭᠤᠯᠤᠯᠳᠠ ᠲᠤᠬᠳᠠᠭᠤᠨ ᠬᠥᠭᠵᠢᠯᠳᠠ ᠶᠢ ᠪᠠᠳᠤᠯᠠᠵᠥ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠥᠷᠨᠢᠨ ᠬᠥᠭᠵᠢᠵᠦ᠂ ᠵᠠᠯᠠᠭᠤᠴᠤᠳ ᠪᠠᠭᠠᠴᠤᠳ ᠤᠨ ᠪᠤᠯᠪᠠᠰᠤᠷᠠᠯ ᠤᠨ ᠰᠢᠰᠲ᠋ᠧᠮ ᠤᠨ ᠬᠡᠪᠴᠢᠶᠠᠵᠢᠯ ᠠᠩᠬ᠎ᠠ ᠠᠯᠬᠤᠮ ᠪᠥᠷᠢᠯᠳᠥᠵᠥ᠂ ᠨᠡᠶᠢᠭᠡᠮ ᠤᠨ ᠬᠥᠯ ᠪᠥᠮᠪᠦᠭᠡ ᠶᠢᠨ ᠬᠥᠳᠡᠯᠭᠡᠭᠡᠨ ᠲᠡᠬᠢᠨ ᠰᠢᠨ᠎ᠠ ᠶᠢ ᠡᠬᠦᠳᠴᠤ᠂ ᠴᠢᠳᠠᠪᠤᠷᠢᠳᠠᠨ ᠬᠥᠮᠥᠵᠢᠬᠦᠯᠬᠦ ᠠᠵᠢᠯ ᠥᠷᠬᠦᠯᠵᠢᠯᠡᠨ ᠴᠢᠩᠭᠠᠷᠠᠵᠥ᠂ ᠭᠠᠳᠠᠭᠠᠳᠤ ᠯᠤᠭ᠎ᠠ ᠶᠢᠨ ᠰᠤᠯᠢᠯᠴᠠᠭ᠎ᠠ ᠮᠡᠳᠡᠭᠳᠠᠮ᠎ᠠ ᠠᠮᠵᠢᠯᠳᠠ ᠤᠯᠪᠠ᠃ ᠡᠬᠦᠨ ᠳᠤ᠂ 2018 ᠤᠨ ᠳᠤ ᠥᠪᠥᠷ ᠮᠤᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠤᠷᠢᠳ ᠬᠤᠵᠢᠳ ᠥᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ U ᠰᠢᠷᠢᠰ ᠬᠥᠯ ᠪᠥᠮᠪᠦᠭᠡ ᠶᠢᠨ ᠬᠤᠯᠪᠤᠭᠠᠳᠤ ᠤᠷᠤᠯᠳᠤᠭᠠᠨ᠂ ᠲᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠲᠡᠰ ᠠᠴᠠ ᠲᠠᠪᠠᠭᠰᠠᠨ ᠬᠤᠯᠪᠤᠭᠠᠳᠤ ᠤᠷᠤᠯᠳᠤᠭᠠᠨ᠂ ᠥᠪᠥᠷ ᠮᠤᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠰ ᠠᠴᠠ ᠲᠠᠪᠠᠭᠰᠠᠨ ᠬᠤᠯᠪᠤᠭᠠᠳᠤ ᠤᠷᠤᠯᠳᠤᠭᠠᠨ ᠵᠡᠷᠭᠡ ᠡᠯ᠎ᠠ ᠲᠥᠷᠥᠯ ᠤᠨ ᠬᠥᠯ ᠪᠥᠮᠪᠦᠭᠡ ᠶᠢᠨ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠬᠳᠠᠭᠤᠯᠤᠬᠰᠨᠨ       ᠪᠠᠶᠢᠨ᠎ᠠ᠃ ᠥᠪᠥᠷ ᠮᠤᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠨᠢ ᠲᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠡᠷᠡᠭᠳᠠᠢ ᠶᠢᠨ ᠪᠡᠯᠡᠳᠭᠡᠯ ᠤᠯᠤᠰ ᠤᠨ ᠲᠡᠰ ᠤᠨ ᠬᠢᠨᠠᠬᠴᠢ ᠶᠢ ᠭᠤᠶᠤᠴᠢᠯᠠᠬᠤ ᠭᠤᠤᠯᠳᠠᠯᠭ᠎ᠠ ᠲᠠᠢ ᠨᠡᠶᠢᠭᠡᠮᠯᠢᠭ ᠢᠶᠠᠷ ᠲᠤᠬᠳᠠᠭᠠᠬᠳᠠᠵᠠᠢ᠃ 2018 ᠤᠨ ᠳᠤ ᠨᠡᠶᠢᠳᠠ 3006 ᠲᠠᠰᠬᠠᠯᠵᠢᠭᠤᠯᠤᠬᠴᠢ ᠶᠢ ᠬᠥᠮᠥᠵᠢᠬᠦᠯᠵᠥ᠂ 2020 ᠤᠨ ᠤ ᠠᠵᠢᠯᠯᠠᠭᠠᠨ ᠤ ᠲᠥᠯᠥᠪᠯᠡᠭᠡ ᠳᠠᠬᠢ ᠲᠠᠰᠬᠠᠯᠵᠢᠭᠤᠯᠤᠬᠴᠢ ᠬᠥᠮᠥᠵᠢᠬᠦᠯᠬᠦ ᠲᠥᠯᠥᠪᠯᠡᠭᠡᠨ ᠤ ᠪᠠᠨ 50% ᠶᠢ ᠨᠢᠭᠡᠨᠳᠠ ᠪᠡᠶᠡᠯᠡᠬᠦᠯᠥᠭᠰᠡᠨ ᠪᠠᠶᠢᠨ᠎ᠠ᠃

2016 ᠤᠨ ᠤ 3 ᠰᠠᠷ᠎ᠠ ᠳᠤ ᠥᠪᠥᠷ ᠮᠤᠩᠭᠤᠯ ᠤᠨ ᠬᠥᠯ ᠪᠥᠮᠪᠦᠭᠡ ᠶᠢᠨ ᠰᠤᠪᠠᠭ ᠲᠤᠷᠰᠢᠨ ᠨᠡᠪᠳᠡᠷᠡᠬᠦᠯᠬᠡ ᠬᠢᠪᠠ᠃ ᠬᠤᠶᠠᠷ ᠵᠢᠯ ᠭᠠᠷᠤᠢ ᠶᠢᠨ ᠲᠤᠷᠰᠢ᠂ ᠤᠯᠤᠰ ᠤᠨ ᠵᠥᠪᠰᠢᠶᠡᠷᠡᠯ ᠢᠶᠠᠷ ᠲᠠᠮᠵᠢᠨ ᠥᠪᠥᠷ ᠮᠤᠩᠭᠤᠯ ᠤᠨ ᠬᠥᠯ ᠪᠥᠮᠪᠦᠭᠡ ᠶᠢᠨ ᠰᠤᠪᠠᠬ 《ᠬᠥᠯ ᠪᠥᠮᠪᠦᠭᠡ ᠶᠢᠨ ᠰᠤᠪᠠᠬ》 ᠪᠤᠯᠤᠨ ᠬᠤᠪᠢᠷᠠᠵᠥ᠂ 2018 ᠤᠨ ᠤ 3 ᠰᠠᠷ᠎ᠠ ᠳᠤ ᠵᠢᠩᠬᠢᠨᠢ ᠪᠠᠷ ᠤᠳᠤᠨ ᠲᠧᠯᠸᠢᠰ ᠢᠶᠠᠷ ᠰᠠᠴᠤᠬᠳᠠᠨ ᠨᠡᠪᠳᠠᠷᠠᠬᠦᠯᠵᠥ᠂ ᠥᠪᠤᠷ ᠮᠤᠩᠭᠤᠯ ᠤᠨ ᠬᠥᠯ ᠪᠥᠮᠪᠦᠭᠡ ᠶᠢᠨ ᠬᠥᠳᠡᠯᠭᠡᠭᠡᠨ ᠤ ᠥᠯᠢᠭᠡᠷ ᠦᠢᠯᠡ ᠶᠠᠪᠤᠳᠠᠯ ᠤᠳ ᠢ ᠲᠡᠯᠭᠡᠨ ᠥᠵᠡᠬᠦᠯᠵᠥ᠂ ᠬᠥᠯ ᠪᠥᠮᠪᠦᠭᠡ ᠶᠢᠨ ᠰᠤᠶᠤᠯ᠂ ᠲᠤᠰᠬᠠᠢ ᠮᠡᠷᠭᠡᠵᠢᠯ ᠤᠨ ᠤᠷᠤᠯᠳᠤᠭᠠᠨ ᠤ ᠲᠦᠷᠦᠯ᠂ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠲᠦᠷᠦᠯ ᠵᠡᠷᠭᠡ 3 ᠶᠡᠭᠡ ᠤᠨᠴᠠᠯᠢᠬᠳᠤ ᠫᠷᠥᠭᠷᠡᠮ ᠢ ᠴᠢᠷᠮᠠᠶᠢᠨ ᠴᠤᠬᠴᠠᠯᠠᠵᠥ᠂ 《ᠤᠷᠤᠯᠳᠤᠭᠠᠨ ᠤ ᠶᠠᠪᠤᠳᠠᠯ ᠤᠨ ᠪᠥᠰᠠ + ᠵᠠᠯᠠᠭᠤᠴᠤᠳ ᠪᠠᠭᠠᠴᠤᠳ ᠤᠨ ᠫᠷᠥᠭᠷᠡᠮ ᠤᠨ ᠪᠥᠰᠠ + ᠬᠥᠯ ᠪᠥᠮᠪᠦᠭᠡ ᠶᠢᠨ ᠰᠤᠶᠤᠯ ᠤᠨ ᠫᠷᠥᠭᠷᠡᠮ ᠤᠨ ᠪᠥᠰᠠ》 ᠶᠢ ᠴᠢᠷᠮᠠᠶᠢᠨ ᠴᠤᠬᠴᠠᠯᠠᠬᠤ ᠪᠠᠷ ᠲᠠᠮᠵᠢᠨ᠂ ᠫᠷᠥᠭᠷᠡᠮ ᠤᠨ ᠶᠠᠰᠤ ᠴᠢᠨᠠᠷ ᠢᠶᠠᠨ ᠲᠡᠰ ᠲᠡᠪᠰᠢᠬᠦᠯᠵᠥ᠂ ᠫᠷᠥᠭᠷᠡᠮ ᠢᠶᠠᠨ ᠪᠡᠶ᠎ᠠ ᠶᠢᠨ ᠲᠠᠮᠢᠷ ᠪᠠ ᠰᠤᠷᠭᠠᠨ ᠬᠥᠮᠥᠵᠢᠯ ᠢ ᠤᠶᠠᠯᠳᠤᠭᠤᠯᠤᠬᠰᠠᠨ ᠲᠠᠮᠵᠢᠭᠤᠯᠬᠤ ᠲᠠᠪᠴᠠᠩ ᠪᠤᠯᠭᠠᠵᠥ᠂ ᠬᠥᠯ ᠪᠥᠮᠪᠦᠭᠡ ᠶᠢᠨ ᠬᠥᠮᠥᠰ ᠤᠨ ᠵᠤᠷᠢᠬ ᠰᠠᠨᠠᠭ᠎ᠠ ᠶᠢ ᠬᠥᠪᠴᠢᠯᠠᠬᠦ ᠪᠠ ᠬᠥᠯ ᠪᠥ᠋ᠮᠪᠦᠭᠡ ᠶᠢᠨ ᠬᠠᠪᠤ ᠴᠠᠩᠭᠡᠯ ᠢ ᠬᠥᠮᠥᠰ ᠤᠨ ᠰᠠᠳᠬᠢᠯ ᠳᠤ ᠬᠥᠨ ᠬᠠᠳᠠᠩᠰᠢᠭᠤᠯᠵᠥ ᠪᠤᠢ᠃ ᠤᠳᠤᠬᠠᠨ ᠳᠤ 《ᠬᠥᠯ ᠪᠥᠮᠪᠦᠭᠡ ᠶᠢᠨ ᠰᠤᠪᠠᠬ》 ᠪᠥᠬᠦ ᠤᠯᠤᠰ ᠤᠨ 25 ᠮᠤᠵᠢ ᠬᠤᠳᠠ ᠤᠷᠤᠨ ᠳᠤ ᠰᠠᠭᠤᠷᠢᠰᠢᠨ ᠨᠡᠪᠳᠡᠷᠡᠬᠦᠯᠬᠦ ᠠᠵᠢᠯᠯᠠᠭ᠎ᠠ ᠶᠢ ᠨᠢᠬᠡᠨᠳᠠ ᠪᠡᠶᠡᠯᠡᠬᠦᠯᠵᠥ᠂ ᠲᠤᠮᠳᠠᠳᠤ ᠤᠯᠤᠰ ᠤᠨ ᠬᠥᠬᠡ ᠲᠡᠰ ᠤᠨ ᠬᠥᠯ ᠪᠥᠮᠪᠦᠭᠡ ᠶᠢᠨ ᠤᠷᠤᠯᠳᠤᠭᠠᠨ᠂ ᠲᠤᠮᠳᠠᠳᠤ ᠤᠯᠤᠰ ᠤᠨ ᠬᠥᠭᠡᠭᠴᠢᠨ ᠲᠡᠰ ᠤᠨ ᠬᠥᠯ ᠪᠥᠮᠪᠦᠭᠡ ᠶᠢᠨ ᠤᠷᠤᠯᠳᠤᠭᠠᠨ᠂ ᠲᠡᠯᠡᠬᠡᠢ ᠶᠢᠨ ᠨᠡᠷᠡᠳᠤ ᠰᠤᠷᠭᠠᠭᠤᠯᠢ ᠶᠢᠨ ᠬᠤᠨᠳᠠᠭᠠᠳᠤ ᠤᠷᠤᠯᠳᠤᠭᠠᠨ᠂ ᠾᠸᠡᠭ ᠳ᠋ᠠ ᠬᠤᠨᠳᠠᠭᠠᠳᠤ ᠤᠷᠤᠯᠳᠤᠭᠠᠨ᠂ 《ᠨᠢᠬᠡ ᠪᠥᠰᠡ ᠨᠢᠭᠡ ᠵᠠᠮ》 ᠤᠨ ᠴᠠᠬᠢᠯᠭᠠᠨ ᠬᠥᠴᠥ ᠬᠤᠨᠳᠠᠭᠠᠳᠤ ᠤᠷᠤᠯᠳᠤᠭᠠᠨ ᠵᠡᠷᠭᠡ ᠤᠷᠤᠯᠳᠤᠭᠠᠨ ᠨᠤᠭᠤᠳ ᠤᠨ ᠳᠤᠬᠠᠢ ᠤᠳᠤᠨ ᠲᠧᠯᠸᠢᠰ ᠢᠶᠠᠷ ᠤᠷᠢᠳ ᠬᠤᠵᠢᠳ 600 ᠭᠠᠷᠤᠢ ᠲᠡᠯᠡᠪᠤᠷ ᠰᠢᠭᠤᠳ ᠨᠡᠪᠳᠡᠷᠡᠭᠦᠯᠬᠡ ᠬᠢᠭᠰᠡᠨ ᠪᠠᠶᠢᠨ᠎ᠠ᠃

ᠥᠪᠤᠷ ᠮᠤᠩᠭᠤᠯ ᠤᠨ ᠬᠥᠯ ᠪᠥᠮᠪᠦᠭᠡ ᠶᠢᠨ ᠬᠥᠳᠡᠯᠭᠡᠭᠡᠨ ᠥᠡᠭᠭᠡᠷᠡᠭᠰᠡᠨ ᠲᠥᠷᠪᠡᠨ ᠵᠢᠯ ᠤᠨ ᠲᠤᠷᠰᠢ ᠤᠬ ᠰᠠᠨᠠᠭ᠎ᠠ ᠪᠠᠨ ᠥᠯᠥ ᠮᠠᠷᠳᠠᠨ᠂ ᠡᠷᠡᠮᠡᠭᠡᠶᠢᠯᠡᠨ ᠤᠷᠤᠬᠰᠢᠯᠡᠵᠥ᠂ ᠡᠯᠪᠡᠭ ᠬᠤᠷᠢᠶᠠᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠪᠡ᠃ ᠶᠡᠭᠡ ᠲᠤᠬᠳᠠᠯ ᠬᠥᠴᠥᠨ᠂ ᠶᠡᠭᠡ ᠲᠠᠯ᠎ᠠ ᠶᠢᠨ ᠪᠠᠶᠢᠳᠠᠯ᠂ ᠲᠤᠮᠤ ᠪᠥᠯᠬᠦᠮ ᠤᠨ ᠲᠠᠷᠬᠠᠭᠠᠯᠳᠠ ᠳᠤᠤᠷ᠎ᠠ᠂ ᠥᠪᠥᠷ ᠮᠤᠩᠭᠤᠯ ᠤᠨ ᠲᠡᠯ᠎ᠠ ᠨᠤᠳᠤᠬ ᠤᠨ ᠬᠥᠯ ᠪᠥᠮᠪᠦᠭᠡ 2019 ᠤᠨ ᠳᠤ ᠨᠠᠩ ᠤᠷᠤᠬᠰᠢᠯᠠᠨ ᠲᠠᠪᠰᠢᠵᠥ᠂ ᠨᠠᠩ ᠡᠯᠪᠡᠭ ᠬᠤᠷᠢᠶᠠᠯᠳᠠ ᠤᠯᠬᠤ ᠨᠢ ᠯᠠᠪᠳᠠᠢ︕

5.jpg

ᠢᠷᠡᠯᠳᠡ : 

 ᠦᠪᠦᠷ ᠮᠣᠩᠭᠣᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ