1.jpg

1 ᠰᠠᠷ᠎ᠠ ᠶᠢᠨ 27 ᠤ ᠡᠳᠤᠷ᠂ ᠥᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠲᠤᠮᠳᠠᠳᠤ ᠤᠯᠤᠰ ᠤᠨ ᠰᠠᠬᠰᠤᠨ ᠪᠥᠮᠪᠦᠭᠡ ᠶᠢᠨ ᠨᠡᠶᠢᠭᠡᠮᠯᠢᠭ ᠤᠨ ᠲᠡᠷᠢᠬᠦᠯᠡᠭᠴᠢ ᠶᠤᠤ ᠮᠢᠩ ᠲᠠᠢ ᠠᠭᠤᠯᠵᠠᠵᠤ᠂ ᠲᠤᠮᠳᠠᠳᠤ ᠤᠯᠤᠰ ᠤᠨ ᠰᠠᠬᠰᠤᠨ ᠪᠥᠮᠪᠦᠭᠡ ᠶᠢᠨ ᠨᠡᠶᠢᠭᠡᠮᠯᠢᠭ ᠤᠨ ᠬᠢᠨ ᠥᠪᠥᠷ ᠮᠤᠩᠭᠤᠯ ᠤᠨ ᠰᠠᠭᠰᠤᠨ ᠪᠥᠮᠪᠦᠭᠡ ᠶᠢᠨ ᠥᠢᠯᠡᠰ ᠤᠨ ᠬᠥᠭᠵᠢᠯᠳᠠ ᠳᠤ ᠬᠦᠴᠦᠨ ᠨᠡᠮᠡᠷᠢᠯᠡᠵᠤ᠂ ᠥᠪᠥᠷ ᠮᠤᠩᠭᠤᠯ ᠤᠨ ᠰᠠᠬᠰᠤᠨ ᠪᠥᠮᠪᠦᠭᠡ ᠶᠢᠨ ᠥᠢᠯᠡᠰ ᠲᠤ ᠲᠡᠰ ᠲᠡᠪᠰᠢᠬᠦᠯᠵᠤ ᠶᠠᠰᠤ ᠴᠢᠨᠠᠷ ᠤᠨ ᠥᠰᠥᠷᠥᠯᠳᠠ ᠲᠠᠢ ᠪᠤᠯᠭᠠᠬᠤ ᠶᠢ ᠬᠥᠰᠡᠪᠡ᠃᠌

ᠠᠢ ᠯᠢ ᠬᠤᠸᠠ ᠡᠩ ᠲᠡᠷᠢᠬᠦᠨ ᠳᠤ ᠶᠤᠤ ᠮᠢᠩ ᠨᠡᠷ ᠤᠨ ᠥᠪᠥᠷ ᠮᠤᠩᠭᠤᠯ ᠳᠤ ᠢᠷᠡᠭᠰᠡᠨ ᠢ ᠬᠠᠯᠠᠭᠤᠨ ᠢᠶᠠᠷ ᠤᠬᠳᠤᠵᠥ ᠪᠠᠶᠢᠬᠤ ᠪᠠᠨ ᠢᠯᠡᠳᠭᠡᠵᠤ᠂ ᠥᠪᠥᠷ ᠮᠤᠩᠭᠤᠯ ᠤᠨ ᠥᠪᠠᠷᠳᠡᠭᠡᠨ ᠵᠠᠰᠠᠬᠤ ᠤᠷᠤᠨ ᠤ ᠥᠨᠳᠤᠰᠤᠨ ᠪᠠᠶᠢᠳᠠᠯ ᠢ ᠲᠠᠨᠢᠯᠴᠠᠭᠤᠯᠪᠠ᠃ ᠠᠢ ᠯᠢ ᠬᠤᠸᠠ᠂ ᠥᠪᠥᠷ ᠮᠤᠩᠭᠤᠯ ᠤᠨ ᠰᠠᠬᠰᠤᠨ ᠪᠥᠮᠪᠦᠭᠡ ᠶᠢᠨ ᠦᠢᠯᠡᠰ ᠵᠤᠬᠢᠬᠤ ᠬᠡᠮᠵᠢᠶᠠᠨ ᠤ ᠰᠠᠭᠤᠷᠢ ᠲᠠᠢ ᠪᠤᠯᠪᠠ᠂ ᠬᠤᠶᠢᠰᠢᠳᠠ ᠲᠤᠮᠳᠠᠳᠤ ᠤᠯᠤᠰ ᠤᠨ ᠰᠠᠬᠰᠤᠨ ᠪᠥᠮᠪᠦᠭᠡ ᠶᠢᠨ ᠨᠡᠶᠢᠭᠡᠮᠯᠢᠭ ᠤᠨ ᠬᠠᠯᠠᠮᠵᠢᠯᠠᠯ ᠲᠡᠮᠵᠢᠯᠬᠡ ᠪᠠ ᠪᠤᠳᠠᠳᠠᠢ ᠵᠢᠯᠤᠭᠤᠳᠤᠯᠭ᠎ᠠ ᠲᠤᠤᠷ᠎ᠠ ᠤᠷᠳᠤ ᠬᠤᠭᠤᠴᠠᠭᠠᠨ ᠤ ᠬᠥᠭᠵᠢᠯᠳᠠ ᠲᠠᠢ ᠪᠤᠯᠬᠤ ᠶᠢ ᠬᠥᠰᠡᠵᠤ ᠪᠠᠶᠢᠨ᠎ᠠ ᠬᠡᠪᠠ᠃ ᠶᠤᠤ ᠮᠢᠩ᠂ ᠠᠩᠬ᠎ᠠ ᠤᠳᠠᠭ᠎ᠠ ᠥᠪᠥᠷ ᠮᠤᠩᠭᠤᠯ ᠳᠤ ᠢᠷᠡᠬᠡᠳ ᠮᠠᠰᠢ ᠬᠦᠨ ᠰᠠᠭᠤᠬᠳᠠᠯ ᠲᠠᠢ ᠪᠤᠯᠪᠠ᠂ ᠥᠪᠥᠷ ᠮᠤᠩᠭᠤᠯ ᠲᠤᠩ ᠤᠯᠠᠨ ᠰᠢᠯᠢᠳᠡᠭ ᠰᠠᠬᠰᠤᠨ ᠪᠥᠮᠪᠦᠭᠡ ᠶᠢᠨ ᠲᠠᠮᠢᠷᠴᠢᠨ ᠢ ᠬᠥᠮᠥᠵᠢᠬᠦᠯᠦᠭᠰᠡᠨ ᠶᠤᠮ᠂ ᠤᠯᠠᠨ ᠲᠡᠰ ᠤᠨ ᠤᠷᠤᠯᠳᠤᠭᠠᠨ ᠢᠶᠠᠷ ᠲᠠᠮᠵᠢᠨ ᠰᠠᠬᠰᠤᠨ ᠪᠥᠮᠪᠦᠭᠡ ᠶᠢᠨ ᠦᠢᠯᠡᠰ ᠥᠪᠥᠷ ᠮᠤᠩᠭᠤᠯ ᠳᠤ ᠦᠷᠨᠢᠨ ᠬᠦᠭᠵᠢᠬᠦ ᠶᠢ ᠬᠥᠰᠡᠨ ᠢᠳᠡᠬᠡᠵᠤ ᠪᠠᠶᠢᠨ᠎ᠠ ᠬᠡᠵᠡᠢ᠃ 

ᠲᠤᠮᠳᠠᠳᠤ ᠤᠯᠤᠰ ᠤᠨ ᠰᠠᠬᠰᠤᠨ ᠪᠥᠮᠪᠦᠭᠡ ᠶᠢᠨ ᠨᠡᠶᠢᠭᠡᠮᠯᠢᠭ᠂ ᠥᠪᠡᠷᠳᠡᠭᠡᠨ ᠵᠠᠰᠬᠠᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ᠂ ᠥᠪᠥᠷ ᠮᠤᠩᠭᠤᠯ ᠤᠨ ᠰᠠᠬᠰᠤᠨ ᠪᠥᠮᠪᠦᠭᠡ ᠶᠢᠨ ᠨᠡᠶᠢᠭᠡᠮᠯᠢᠭ ᠤᠨ ᠬᠠᠷᠢᠭᠤᠴᠠᠯᠭᠠᠳᠠᠨ ᠵᠢᠴᠢ ᠲᠥᠯᠥᠭᠡᠯᠡᠭᠴᠢ ᠠᠭᠤᠯᠵᠠᠯᠳᠠ ᠳᠤ ᠤᠷᠤᠯᠴᠠᠪᠠ᠃


ᠢᠷᠡᠯᠳᠡ : 

ᠦᠪᠦᠷ ᠮᠣᠩᠭᠣᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ