ᠡᠯ᠎ᠠ ᠵᠦᠢᠯ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠤᠮᠳᠠ ᠬᠥᠯ ᠪᠥᠮᠪᠦᠭᠡ ᠶᠢᠨ ᠬᠦᠳᠡᠯᠬᠡᠬᠡᠨ ᠥᠪᠥᠷ ᠮᠤᠩᠭᠤᠯᠴᠤᠳ ᠤᠨ ᠲᠤᠷ᠎ᠠ ᠪᠠᠬ᠎ᠠ ᠶᠢ ᠲᠠᠳᠠᠨ᠂ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠠᠵᠢᠯᠯᠠᠭ᠎ᠠ ᠶᠢᠨ ᠬᠢᠨᠢ ᠲᠤᠳᠠᠬᠳᠠᠰᠢ ᠪᠤᠯᠤᠰᠢ ᠥᠬᠡᠢ ᠴᠢᠬᠤᠯᠠ ᠪᠥᠷᠢᠯᠳᠥᠬᠦᠨ ᠪᠤᠯᠵᠥ ᠪᠠᠶᠢᠨ᠎ᠠ᠃ ᠪᠢᠳᠡ ᠮᠠᠨ ᠤ ᠤᠷᠤᠨ ᠤ ᠪᠠᠨ ᠤᠯᠤᠰ ᠤᠨ ᠠᠩᠬᠠᠳᠠᠬᠴᠢ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠮᠤᠵᠢ ᠤᠷᠤᠨ ᠪᠤᠯᠤᠬᠰᠠᠨ ᠠᠵᠠ ᠳᠤᠬᠢᠶᠠᠯ ᠢ ᠡᠵᠡᠮᠳᠡᠵᠦ᠂ ᠬᠦᠯ ᠪᠦᠮᠪᠦᠭᠡ ᠶᠢᠨ ᠬᠦᠭᠵᠢᠭᠦᠯᠦᠯᠲᠡ ᠦᠭᠡᠷᠡᠴᠢᠯᠡᠯᠲᠡ ᠶᠢ ᠰᠢᠨ᠎ᠡ ᠳᠡᠭᠳᠡᠷ ᠲᠤ ᠭᠠᠷᠭᠠᠬᠤ ᠪᠠᠷ ᠮᠡᠷᠡᠶᠢᠬᠦ ᠴᠢᠬᠤᠯᠠᠲᠠᠢ᠃

ᠮᠠᠨ ᠤ ᠤᠷᠤᠨ ᠳᠤᠷᠰᠢᠯᠲᠠ ᠶᠢᠨ ᠴᠡᠭ ᠤᠨ ᠮᠤᠵᠢ ᠤᠷᠤᠨ ᠪᠤᠯᠤᠭᠰᠠᠨ ᠠᠴᠠ ᠨᠠᠭᠠᠰᠢ᠂ 《ᠲᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠶᠡᠷᠥᠩᠭᠡᠢ ᠲᠥᠰᠥᠯ》 ᠢ ᠨᠠᠷᠢᠨ ᠬᠢᠨᠠᠮᠠᠭᠠᠢ ᠲᠤᠭᠤᠰᠢᠯᠠᠭᠤᠯᠵᠥ᠂ 《ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ (2015 — 2017 ᠤᠨ)》 ᠳᠤ ᠲᠤᠬᠳᠠᠭᠠᠬᠰᠠᠨ ᠬᠠᠷᠠᠯᠳᠠ ᠡᠬᠦᠷᠭᠡ ᠪᠠᠨ ᠪᠡᠶᠡᠯᠡᠬᠦᠯᠵᠥ᠂ ᠥᠪᠥᠷ ᠮᠤᠩᠭᠤᠯ ᠤᠨ ᠤᠨᠴᠠᠯᠢᠬᠳᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢᠨ ᠵᠠᠮ ᠢ ᠬᠠᠶᠢᠬᠰᠠᠨ ᠪᠠᠶᠢᠨ᠎ᠠ᠃ ᠮᠠᠨ ᠤ ᠤᠷᠤᠨ ᠤ ᠡᠯ᠎ᠠ ᠱᠠᠳᠤᠨ ᠤ ᠡᠯ᠎ᠠ ᠰᠠᠯᠠᠭ᠎ᠠ ᠮᠥᠴᠢᠷ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠡ ᠶᠢ ᠠᠬᠢᠭᠤᠯᠬᠤ ᠶᠠᠪᠤᠴᠠ ᠳᠠᠭᠠᠨ ᠨᠡᠶᠢᠳᠡᠯᠢᠭ ᠲᠤᠷᠰᠢᠯᠭ᠎ᠠ ᠪᠠᠷ ᠲᠤᠯᠢ ᠪᠤᠯᠭᠠᠨ᠂ ᠨᠢᠭᠡᠳᠤᠯᠳᠠᠢ ᠲᠥᠯᠥᠪᠵᠢᠬᠦᠯᠥᠨ ᠲᠤᠭᠤᠰᠢᠯᠠᠭᠤᠯᠬᠤ ᠶᠢ ᠰᠠᠶᠢᠳᠤᠷ ᠠᠳᠬᠤᠵᠥ᠂ ᠤᠯᠤᠰ ᠤᠨ ᠲᠡᠰ ᠤᠨ ᠴᠢᠬᠤᠯᠠ ᠤᠷᠤᠯᠳᠤᠭᠠᠨ᠂ ᠲᠡᠯᠡᠬᠡᠢ ᠶᠢᠨ ᠡᠯ᠎ᠡ ᠲᠦᠷᠦᠯ ᠤᠨ ᠨᠠᠷᠠᠲᠠᠢ ᠬᠤᠨᠳᠠᠭᠠᠳᠤ ᠤᠷᠤᠯᠳᠤᠭᠠᠨ ᠵᠡᠷᠭᠡ ᠶᠢ ᠠᠮᠵᠢᠯᠳᠠ ᠲᠠᠢ ᠡᠷᠬᠢᠯᠡᠨ ᠶᠠᠪᠤᠬᠳᠠᠭᠤᠯᠵᠥ᠂ ᠪᠥᠬᠦ ᠤᠷᠤᠨ ᠤ ᠬᠥᠯ ᠪᠥᠮᠪᠦᠭᠡ ᠶᠢᠨ ᠬᠥᠭᠵᠢᠬᠦᠯᠥᠯᠳᠠ ᠥᠭᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠤᠬᠰᠠᠭᠠᠷ ᠁ 

ᠬᠦᠯ ᠪᠦᠮᠪᠦᠭᠡ ᠶᠢᠨ ᠬᠦᠳᠡᠯᠭᠡᠭᠡᠨ ᠢ ᠬᠦᠭᠵᠢᠭᠦᠯᠬᠦ ᠠᠵᠠᠲᠠᠢ ᠳᠤᠬᠢᠶᠠᠯ ᠢ ᠡᠵᠡᠮᠳᠡᠬᠦ ᠳᠤ ᠶᠠᠭᠤᠨ ᠤ ᠤᠷᠢᠳ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠬᠥᠯ ᠪᠥᠮᠪᠦᠭᠡ ᠶᠢᠨ ᠥᠭᠡᠷᠡᠴᠢᠯᠠᠯᠳᠠ ᠶᠢ ᠥᠨᠡᠨ ᠬᠦ ᠨᠢᠭᠡᠨ ᠤᠯᠤᠰ ᠲᠥ᠋ᠷᠥ ᠶᠢᠨ ᠡᠬᠦᠷᠭᠡ ᠪᠤᠯᠭᠠᠨ᠂ ᠭᠡᠷᠡᠭᠵᠢᠬᠦᠯᠬᠦ ᠬᠥᠴᠥᠨ ᠪᠠ ᠲᠤᠭᠤᠰᠢᠯᠠᠭᠤᠯᠬᠤ ᠬᠥᠴᠥᠨ ᠢ ᠥᠨᠡᠨ ᠬᠦ ᠨᠡᠮᠡᠭᠳᠡᠬᠦᠯᠵᠥ᠂ ᠬᠥᠯ ᠪᠥᠮᠪᠦᠭᠡ ᠶᠢᠨ ᠥᠭᠡᠷᠡᠴᠢᠯᠠᠯᠳᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠴᠢᠬᠤᠯᠠᠲᠠᠢ᠃ ᠳᠠᠷᠠᠭᠠᠯᠠᠪᠠᠯ᠂ ᠬᠤᠯᠪᠤᠭᠳᠠᠯ ᠪᠦᠭᠦᠢ ᠲᠦᠷᠦ ᠶᠢᠨ ᠪᠤᠳᠤᠯᠭ᠎ᠠ ᠶᠢ ᠵᠠᠪᠠᠯ ᠵᠦᠪ ᠲᠤᠭᠤᠰᠢᠯᠠᠭᠤᠯᠵᠤ᠂ ᠡᠯ᠎ᠠ ᠭᠠᠵᠠᠷ ᠤᠨ ᠬᠦᠯ ᠪᠦᠮᠪᠦᠭᠡ ᠶᠢᠨ ᠬᠦᠳᠡᠯᠭᠡᠭᠡᠨ ᠤ ᠬᠦᠭᠵᠢᠯᠲᠡ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ ᠴᠤᠯᠭᠤᠷᠠᠵᠤ ᠪᠠᠶᠢᠭ᠎ᠠ ᠬᠦᠯ ᠪᠦᠮᠪᠦᠭᠡ ᠶᠢᠨ ᠺᠯᠦ᠋ᠪ᠂ ᠬᠦᠯ ᠪᠦᠮᠪᠦᠭᠡ ᠶᠢᠨ ᠠᠩᠭᠢ ᠶᠢᠨ ᠬᠦᠭᠵᠢᠯᠲᠡ ᠶᠢ ᠬᠦᠴᠦᠲᠡᠢ ᠳᠡᠮᠵᠢᠵᠦ᠂ ᠬᠦᠯ ᠪᠦᠮᠪᠦᠭᠡ ᠶᠢᠨ ᠬᠦᠭᠵᠢᠯᠲᠡ ᠶᠢᠨ ᠪᠦᠬᠦ᠋ᠢᠯᠡ ᠴᠤᠭᠴᠠ ᠶᠢᠨ ᠬᠢᠷᠢ ᠳᠦᠪᠰᠢᠨ ᠢ ᠳᠡᠭᠡᠭᠰᠢᠯᠡᠭᠦᠯᠬᠦ ᠴᠢᠬᠤᠯᠠᠲᠠᠢ᠃ ᠳᠠᠬᠢᠪᠠᠯ᠂ ᠳᠡᠯᠡᠭᠡᠢ ᠶᠢᠨ᠂ ᠤᠯᠤᠰ ᠤᠨ ᠴᠢᠬᠤᠯᠠ ᠤᠷᠤᠯᠳᠤᠭᠠᠨ ᠲᠡᠮᠡᠴᠡᠭᠡᠨ ᠢ ᠡᠷᠬᠢᠯᠡᠬᠦ ᠡᠷᠬᠡ ᠶᠢ ᠦᠷᠭᠦᠯᠵᠢᠯᠡᠨ ᠢᠳᠡᠪᠭᠢᠲᠡᠢ ᠲᠡᠮᠡᠴᠡᠨ ᠤᠯᠵᠤ᠂ ᠬᠦᠯ ᠪᠦᠮᠪᠦᠭᠡ ᠶᠢᠨ ᠬᠦᠳᠡᠯᠭᠡᠭᠡᠨ ᠤ ᠡᠯ᠎ᠡ ᠲᠠᠯ᠎ᠠ ᠶᠢᠨ ᠪᠤᠳᠠᠲᠤ ᠬᠦᠴᠦᠨ ᠤ ᠪᠤᠵᠠᠭᠠᠢᠢᠷᠠᠯᠲᠠ ᠪᠠᠨ ᠪᠤᠳᠠᠳᠤ ᠦᠢᠯᠡᠳᠦᠯᠭᠡ ᠪᠠᠷ ᠭᠡᠷᠡᠴᠢᠯᠡᠨ ᠦᠵᠡᠭᠦᠯᠪᠡᠯ ᠵᠤᠬᠢᠨ᠎ᠠ᠃ ᠬᠠᠮᠤᠭ ᠤᠨ ᠰᠡᠭᠦᠯ ᠳᠤ᠂ ᠪᠡᠶ᠎ᠠ ᠶᠢᠨ ᠲᠠᠮᠢᠷ ᠪᠠ ᠰᠤᠷᠭᠠᠨ ᠬᠥᠮᠥᠵᠢᠯ ᠢ ᠤᠯᠠᠮ ᠰᠠᠶᠢᠨ ᠠᠭᠤᠰᠤᠯᠴᠠᠭᠤᠯᠵᠥ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢ ᠲᠥᠷᠭᠡᠳᠭᠡᠨ ᠬᠥᠭᠵᠢᠬᠦᠯᠪᠠᠯ ᠵᠤᠬᠢᠨ᠎ᠠ᠃ ᠡᠨᠡ ᠬᠦ ᠰᠠᠭᠤᠷᠢᠨ ᠲᠡᠭᠡᠷ᠎ᠠ ᠪᠠᠨ ᠪᠥᠷᠢᠨ ᠲᠡᠬᠦᠯᠳᠡᠷ ᠵᠠᠯᠠᠭᠤᠴᠤᠳ ᠤᠨ ᠪᠤᠯᠪᠠᠰᠤᠷᠠᠯ ᠤᠨ ᠰᠢᠰᠲ᠋ᠧᠮ ᠢ ᠴᠢᠷᠮᠠᠶᠢᠨ ᠪᠤᠢ ᠪᠤᠯᠭᠠᠵᠥ᠂ ᠤᠳᠤ ᠥᠶ᠎ᠠ ᠶᠢᠨ ᠬᠥᠯ ᠪᠥᠮᠪᠦᠭᠡ ᠶᠢᠨ ᠰᠤᠶᠤᠯ ᠢ ᠢᠳᠡᠪᠬᠢᠳᠠᠢ ᠪᠠᠷ ᠲᠠᠮᠵᠢᠭᠤᠯᠳᠠᠬ ᠯᠠ ᠶᠤᠮ ᠪᠤᠯ᠂ ᠥᠪᠥᠷ ᠮᠤᠩᠭᠤᠯ ᠤᠨ ᠲᠡᠯ᠎ᠠ ᠨᠤᠳᠤᠬ ᠤᠨ ᠬᠥᠯ ᠪᠥᠮᠪᠦᠭᠡ ᠢᠳᠡᠷᠡᠭᠦᠨ ᠬᠦᠭᠵᠢᠯᠲᠡ ᠪᠠᠨ ᠪᠠᠲᠤᠯᠠᠵᠤ᠂ ᠰᠢᠨ᠎ᠡ ᠰᠢᠪᠲᠤᠯᠤᠯᠲᠠ ᠳᠠᠪᠠᠯᠲᠠ ᠲᠠᠢ ᠪᠤᠯᠬᠤ ᠨᠢ ᠳᠠᠮᠵᠢᠭ ᠦᠭᠡᠢ᠃ ( ᠦᠷᠭᠡᠨ )


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ