487207b9-5edc-486d-8344-02bd844a4e12.jpeg

1 ᠰᠠᠷ᠎ᠠ ᠶᠢᠨ 29 ᠤ ᠡᠳᠦᠷ᠂ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠢ ᠡᠯᠰᠡᠬᠦ ᠰᠤᠨᠢᠨ ᠮᠡᠳᠡᠭᠡ ᠨᠡᠶᠢᠳᠡᠯᠡᠬᠦ ᠬᠤᠷᠠᠯ ᠬᠦᠬᠡᠬᠤᠲᠠ ᠳᠤ ᠶᠠᠪᠤᠭᠳᠠᠪᠠ᠃ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠵᠦᠪᠰᠢᠶᠡᠷᠡᠯ ᠢᠶᠠᠷ ᠨᠡᠶᠢᠲᠡ 2500 ᠰᠠᠶᠢᠨ ᠳᠤᠷᠠᠴᠤᠤᠯ ᠡᠯᠰᠡᠬᠦ ᠪᠠᠷ ᠪᠤᠯᠵᠤ᠂ ᠡᠭᠦᠨ ᠳᠤ ᠬᠦᠯᠦᠨ ᠪᠤᠶᠢᠷ ᠬᠤᠲᠠ ᠠᠴᠠ 2000 ᠬᠦᠮᠦᠨ᠂ ᠤᠯᠠᠭᠠᠨᠬᠠᠳᠠ ᠬᠤᠲᠠ ᠠᠴᠠ 200 ᠬᠦᠮᠦᠨ᠂ ᠰᠢᠯᠢ ᠶᠢᠨ ᠭᠤᠤᠯ ᠠᠶᠢᠮᠠᠭ ᠪᠠ ᠤᠯᠠᠭᠠᠨᠴᠠᠪ ᠬᠤᠲᠠ ᠠᠴᠠ ᠲᠤᠰ ᠲᠤᠰ 150 ᠬᠦᠮᠦᠨ ᠡᠯᠰᠡᠬᠦ ᠪᠠᠷ ᠪᠤᠢ᠃

ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠢ ᠭᠤᠤᠯᠳᠠᠭᠤ ᠵᠤᠬᠢᠶᠠᠨ ᠪᠠᠶᠢᠭᠤᠯᠬᠤ ᠭᠠᠵᠠᠷ ᠲᠠᠬᠢ ᠶᠡᠭᠡ ᠳᠡᠭᠡᠳᠤ ᠰᠤᠷᠭᠠᠭᠤᠯᠢ ᠶᠢᠨ ᠤᠶᠤᠲᠠᠨ ᠠᠴᠠ ᠰᠠᠶᠢᠨ ᠳᠤᠷᠠᠴᠤᠤᠯ ᠡᠯᠰᠡᠬᠦ ᠶᠢᠨ ᠬᠠᠮᠲᠤ ᠨᠡᠶᠢᠭᠡᠮ ᠨᠡᠶᠢᠲᠡ ᠪᠠ ᠭᠠᠳᠠᠨ᠎ᠠ ᠮᠤᠵᠢ ᠶᠢᠨ ᠶᠡᠭᠡ ᠳᠡᠭᠡᠳᠤ ᠰᠤᠷᠭᠠᠭᠤᠯᠢ ᠠᠴᠠ ᠵᠤᠬᠢᠬᠤ ᠲᠤᠭᠠᠨ ᠤ ᠬᠠᠷᠢᠴᠠᠯ ᠢᠶᠠᠷ ᠰᠠᠶᠢᠨ ᠳᠤᠷᠠᠴᠤᠤᠯ ᠢ ᠡᠯᠰᠡᠬᠦ ᠪᠤᠯᠤᠨ᠎ᠠ᠃ ᠬᠡᠳᠦ ᠤᠳᠠᠭᠠᠨ ᠤ ᠰᠢᠯᠭᠠᠷᠠᠭᠤᠯᠤᠯᠲᠠ ᠪᠠᠷ ᠳᠠᠮᠵᠢᠨ ᠬᠠᠮᠤᠭ ᠡᠴᠤᠰ ᠤᠨ ᠰᠠᠶᠢᠨ ᠳᠤᠷᠠᠴᠤᠤᠯ ᠢᠶᠠᠷ ᠰᠢᠯᠭᠠᠷᠠᠨ ᠦᠯᠡᠳᠡᠭᠰᠡᠨ ᠬᠦᠮᠦᠰ ᠢ ᠲᠤᠭᠲᠠᠭᠠᠨ᠎ᠠ᠃ ᠡᠳᠡᠭᠡᠷ ᠰᠠᠶᠢᠨ ᠳᠤᠷᠠᠴᠤᠤᠯ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠤᠷᠴᠢᠭᠤᠯᠭ᠎ᠠ᠂ ᠠᠰᠠᠭᠤᠨ ᠯᠠᠪᠯᠠᠭ᠎ᠠ ᠵᠡᠷᠭᠡ ᠲᠠᠯ᠎ᠠ ᠶᠢᠨ ᠦᠢᠯᠡᠴᠢᠯᠡᠭᠡ ᠶᠢ ᠬᠠᠩᠭᠠᠬᠤ ᠪᠤᠯᠤᠨ᠎ᠠ᠃

ᠰᠠᠶᠢᠨ ᠳᠤᠷᠠᠴᠤᠤᠯ ᠵᠢᠩᠬᠢᠨᠢ ᠪᠠᠷ ᠠᠵᠢᠯ ᠳᠠᠭᠠᠨ ᠭᠠᠷᠬᠤ ᠠᠴᠠ ᠡᠮᠤᠨ᠎ᠡ᠂ ᠡᠯ᠎ᠡ ᠵᠦᠢᠯ ᠤᠨ ᠠᠵᠢᠯ ᠠᠴᠠ ᠡᠮᠤᠨᠡᠬᠢ ᠪᠤᠯᠪᠠᠰᠤᠷᠠᠯ ᠳᠤ ᠤᠷᠤᠯᠴᠠᠬᠤ ᠪᠦᠭᠡᠳ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠵᠤᠬᠢᠶᠠᠨ ᠪᠠᠶᠢᠭᠤᠯᠬᠤ ᠺᠤᠮᠢᠰ ᠠᠴᠠ ᠠᠵᠢᠯᠯᠠᠬᠤ ᠦᠨᠡᠮᠯᠡᠯ ᠪᠠ ᠨᠢᠭᠡᠳᠦᠯᠲᠡᠢ ᠬᠤᠪᠴᠠᠰᠤ ᠬᠤᠨᠠᠷ᠂ ᠵᠠᠮ ᠬᠠᠷᠢᠯᠴᠠᠭ᠎ᠠ᠂ ᠬᠤᠭᠤᠯᠠ ᠤᠮᠳᠠ᠂ ᠬᠤᠨᠤᠵᠤ ᠬᠡᠪᠲᠡᠬᠦ ᠵᠢᠴᠢ ᠠᠮᠢ ᠨᠠᠰᠤᠨ ᠤ ᠰᠠᠨᠠᠭᠠᠨ ᠳᠤ ᠪᠤᠰᠤ ᠭᠡᠮᠳᠤᠯ ᠤᠨ ᠳᠠᠭᠠᠳᠬᠠᠯ ᠢ ᠬᠠᠩᠭᠠᠬᠤ ᠪᠦᠭᠡᠳ ᠲᠠᠮᠢᠷ ᠤᠨ ᠴᠤᠭᠯᠠᠭᠠᠨ ᠳᠠᠭᠤᠰᠤᠭᠰᠠᠨ ᠤ ᠳᠠᠷᠠᠭ᠎ᠠ ᠰᠠᠶᠢᠨ ᠳᠤᠷᠠᠴᠤᠤᠯ ᠳᠤ ᠳᠤᠷᠠᠰᠬᠠᠯ ᠤᠨ ᠪᠢᠴᠢᠭ ᠤᠯᠭᠤᠬᠤ ᠪᠤᠯᠤᠨ᠎ᠠ᠃

ᠤᠳᠤᠬᠠᠨ ᠳᠤ᠂ 《ᠦᠪᠦᠷ ᠮᠤᠩᠭᠤᠯ ᠤᠨ ᠰᠠᠶᠢᠨ ᠳᠤᠷᠠᠴᠤᠤᠯ》᠂ 《ᠰᠠᠶᠢᠨ ᠳᠤᠷᠠᠴᠤᠤᠯ 10000 +》 ᠵᠢᠷᠭᠢᠶ᠎ᠡ ᠶᠢᠨ ᠳᠠᠪᠴᠠᠩ ᠪᠠ ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠪᠠᠨ ᠤ ᠰᠦᠯᠵᠢᠶ᠎ᠡ (http://web.nmgdyh.zyh365.com) ᠠᠴᠠ ᠨᠡᠷ᠎ᠡ ᠮᠡᠳᠡᠭᠦᠯᠬᠦ ᠰᠤᠷᠠᠭ ᠵᠠᠩᠭᠢ ᠶᠢ ᠤᠢᠢᠯᠠᠭᠠᠵᠤ ᠪᠤᠯᠤᠨ᠎ᠠ᠃

2c50c906-1ce1-4276-9f2a-b8ea94eb9de6.jpg

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ