1.jpg

2 ᠰᠠᠷ᠎ᠠ ᠶᠢᠨ 1 ᠤ ᠡᠳᠦᠷ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠱᠤᠤ ᠪᠠᠯᠭᠠᠰᠤ ᠶᠢᠨ ᠡᠬᠢᠨᠠᠭᠤᠷ ᠭᠠᠴᠠᠭᠠᠨ ᠳᠤ ᠵᠠᠯᠠᠭᠤ ᠰᠤᠳᠤᠨ ᠪᠦᠬᠡᠴᠢᠨ ᠮᠦᠩᠬᠡᠳᠦ᠋ᠭᠦᠷᠡᠩ ᠤᠨ ᠶᠠᠳᠠᠭᠤ ᠬᠦᠴᠢᠷᠳᠡᠯᠳᠡᠢ ᠡᠷᠦᠬᠡ ᠶᠢ ᠪᠤᠯᠭᠤᠭᠠᠨ ᠲᠤᠬᠢᠨᠠᠭᠤᠯᠬᠤ ᠠᠵᠢᠯᠯᠠᠭ᠎ᠠ ᠶᠠᠪᠤᠭᠳᠠᠵᠤ᠂ ᠰᠤᠨᠤᠰᠤᠭᠰᠠᠨ ᠪᠦᠬᠦᠨ ᠤ ᠰᠤᠨᠤᠷ ᠢ ᠮᠢᠯᠢᠶᠠᠵᠤ ᠬᠦᠷᠦᠭᠰᠡᠨ ᠪᠦᠬᠦᠨ ᠤ ᠰᠡᠳᠭᠢᠯ ᠢ ᠲᠤᠯᠠᠭᠠᠴᠠᠭᠤᠯᠤᠯ᠎ᠠ᠃ ᠰᠢᠨ᠎ᠡ ᠵᠢᠯ ᠴᠠᠭᠠᠨ ᠰᠠᠷ᠎ᠠ ᠪᠤᠯᠬᠤ ᠲᠠᠰᠢᠷᠠᠮ ᠢᠶᠠᠷ ᠦᠪᠡᠷ ᠤᠨ ᠲᠦᠷᠦᠭᠰᠡᠨ ᠨᠤᠳᠤᠭ ᠡᠬᠢᠨᠠᠭᠤᠷ ᠭᠠᠴᠠᠭᠠᠨ ᠤ ᠪᠠᠨ ᠡᠪᠡᠳᠴᠢᠨ ᠡᠮᠬᠡᠭ ᠵᠡᠷᠭᠡ ᠰᠢᠯᠳᠠᠭᠠᠨ ᠠᠴᠠ ᠪᠤᠯᠵᠤ ᠠᠮᠢᠳᠤᠷᠠᠯ ᠬᠦᠴᠢᠷᠳᠡᠯᠳᠡᠢ ᠪᠤᠯᠤᠭᠰᠠᠨ ᠠᠷᠪᠠᠨ ᠡᠷᠦᠬᠡ ᠳᠤ ᠬᠠᠯᠠᠭᠤᠨ ᠭᠠᠷ ᠢᠶᠠᠨ ᠰᠤᠩᠭᠤᠵᠤ ᠠᠮᠤ ᠲᠤᠰᠤ ᠵᠤᠭᠤᠰ ᠮᠦᠡᠭᠬᠦ ᠭᠡᠬᠦᠴᠢᠯᠡᠨ ᠨᠡᠶᠢᠳᠡ 5000 ᠲᠦᠭᠦᠷᠢᠭ ᠤᠨ ᠦᠷᠳᠡᠭ ᠪᠦᠬᠦᠢ ᠡᠳ᠋ ᠪᠤᠳᠠᠰ ᠬᠠᠨᠳᠢᠪᠯᠠᠬᠰᠠᠨ ᠪᠠᠶᠢᠨ᠎ᠠ᠃ 《ᠮᠢᠨᠤ ᠡᠨᠡᠬᠦ ᠠᠵᠢᠯᠯᠠᠭ᠎ᠠ ᠶᠢ ᠲᠡᠮᠵᠢᠭᠰᠡᠨ ᠭᠠᠴᠠᠭᠠᠨ ᠤ ᠪᠠᠨ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠭᠡᠷ ᠤᠨ ᠬᠦᠮᠦᠰ ᠲᠡᠭᠡᠨ ᠮᠠᠰᠢ ᠶᠡᠭᠡ ᠲᠠᠯᠠᠷᠬᠠᠵᠤ ᠪᠠᠶᠢᠨ᠎ᠠ᠂ ᠲᠠᠯᠠᠢ ᠳᠤ ᠲᠤᠰᠤᠯ ᠤᠰᠤ ᠨᠡᠮᠡᠷᠢ ᠭᠡᠳᠡᠭ ᠢᠶᠠᠷ ᠮᠢᠨᠤ ᠦᠴᠦᠬᠡᠨ ᠴᠢᠷᠮᠠᠶᠢᠯᠭ᠎ᠠ ᠮᠠᠨᠢ ᠨᠤᠳᠤᠭ ᠤᠰᠤᠨ ᠤ ᠠᠷᠠᠳ ᠤᠯᠠᠨ ᠳᠤ ᠭᠡᠷᠡᠯ ᠭᠡᠭᠡ ᠠᠪᠴᠢᠷᠠᠵᠤ᠂ ᠠᠮᠢᠳᠤᠷᠠᠯ ᠳᠤ ᠨᠢ ᠪᠠᠭ᠎ᠠ ᠴᠦ ᠭᠡᠰᠡᠨ ᠲᠤᠰᠠ ᠲᠡᠮᠵᠢᠯᠭᠡ ᠪᠤᠯᠬᠤ ᠶᠢ ᠬᠦᠰᠡᠵᠦ ᠪᠠᠶᠢᠨ᠎ᠠ᠂ ᠮᠦᠨᠴᠦ ᠪᠦᠬᠦ᠋ᠢᠯᠡ ᠮᠤᠩᠭᠤᠯᠴᠤᠳ ᠲᠠᠭᠠᠨ ᠰᠢᠨ᠎ᠡ ᠵᠢᠯ ᠤᠨ ᠮᠡᠨᠳᠦᠴᠢᠯᠡᠭᠡ ᠶᠢ ᠤᠷᠢᠳᠴᠢᠯᠠᠨ ᠲᠡᠪᠰᠢᠭᠦᠯᠦᠶ᠎ᠠ 》  ᠭᠡᠵᠦ ᠮᠦᠩᠬᠡᠳᠦ᠋ᠭᠦᠷᠡᠩ ᠶᠠᠷᠢᠯ᠎ᠠ᠃

 ᠲᠡᠮ ᠲᠡᠮ ᠳᠡᠭᠡᠨ ᠲᠡᠭᠡᠰᠦ ᠡᠷᠴᠢᠮ ᠳᠡᠭᠡᠨ ᠭᠡᠳᠡᠭ ᠢᠶᠠᠷ ᠲᠤᠰ ᠤᠳᠠᠭᠠᠨ ᠤ ᠠᠵᠢᠯᠯᠠᠭ᠎ᠠ ᠨᠢ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠵᠤᠷᠢᠭ ᠢ ᠨᠢ ᠬᠦᠪᠴᠢᠯᠡᠵᠦ ᠡᠷᠲᠡ ᠨᠢᠭᠡᠨ ᠡᠳᠦᠷ ᠪᠠᠶᠠᠵᠢᠯ ᠤᠨ ᠵᠠᠮ ᠢᠶᠠᠷ ᠵᠠᠮᠨᠠᠬᠤ ᠳᠤ ᠢᠳᠡᠭᠡᠯ ᠬᠠᠶᠢᠷᠠᠯᠠᠭᠰᠠᠨ ᠮᠦᠷᠳᠡᠭᠡᠨ ᠵᠠᠯᠠᠭᠤ ᠨᠢᠭᠡᠨ ᠦᠶ᠎ᠡ ᠶᠢᠨ ᠬᠢᠨ ᠤ ᠲᠠᠭᠤᠷᠢᠶᠠᠯ ᠪᠤᠯᠤᠭᠰᠠᠨ ᠪᠠᠶᠢᠨ᠎ᠠ᠃ 《ᠵᠤᠭᠤᠰ ᠮᠦᠡᠭᠭᠦ ᠲᠠᠢ ᠬᠦᠮᠦᠨ ᠤᠯᠠᠨ ᠪᠤᠢ ᠴᠦ ᠮᠦᠩᠬᠡᠳᠦ᠋ᠭᠦᠷᠡᠩ ᠵᠠᠯᠠᠭᠤ ᠶᠢᠨ ᠬᠠᠯᠠᠭᠤᠨ ᠭᠠᠷ ᠢᠶᠠᠨ ᠰᠤᠩᠭᠠᠵᠤ ᠲᠤᠰᠠ ᠲᠡᠮᠵᠢᠯᠭᠡ ᠦᠵᠡᠭᠦᠯᠦᠭᠰᠡᠨ ᠳᠤ ᠦᠨᠡᠨ ᠰᠡᠳᠭᠢᠯ ᠠᠴᠠ ᠪᠠᠨ ᠪᠠᠶᠠᠷᠯᠠᠨ ᠲᠠᠯᠠᠷᠬᠠᠵᠤ ᠪᠠᠶᠢᠨ᠎ᠠ᠂ ᠴᠠᠭᠠᠨ ᠰᠠᠷ᠎ᠠ ᠳᠠᠭᠠᠨ ᠪᠠᠶᠠᠷ ᠬᠦᠷ ᠲᠠᠢ ᠰᠡᠳᠭᠢᠯ ᠲᠦᠭᠦᠷᠡᠩ ᠰᠢᠨᠡᠯᠡᠬᠦ ᠪᠤᠯᠤᠭᠰᠠᠨ᠂ ᠵᠠᠯᠠᠭᠤ ᠬᠦᠮᠦᠨ ᠤ ᠵᠠᠮ ᠤᠨ ᠬᠦᠵᠦᠭᠦᠦ ᠤᠷᠳᠤ᠂ ᠵᠠᠯᠠᠭᠤ ᠪᠦᠬᠡ ᠮᠦᠩᠬᠡᠳᠦ᠋ᠭᠦᠷᠡᠩ ᠮᠠᠨᠢ ᠤᠯᠠᠮ ᠤᠳᠤᠯᠠᠵᠤ ᠪᠠᠷᠢᠯᠳᠤᠬᠤ ᠶᠢ ᠬᠦᠰᠡᠶ᠎ᠡ》  ᠭᠡᠵᠦ ᠰᠦᠬᠡᠪᠠᠭᠠᠳᠤᠷ ᠭᠤᠸᠠᠢ ᠰᠡᠳᠭᠢᠯ ᠲᠤᠭᠳᠤᠯᠤᠨ ᠶᠠᠷᠢᠯ᠎ᠠ ᠁ ( ᠦᠷᠭᠡᠨ)

2.jpg


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ