6.png

2 ᠰᠠᠷ᠎ᠠ ᠶᠢᠨ 24 ᠤ ᠡᠳᠤᠷ᠂ 2019 ᠤᠨ ᠤ ᠯᠢᠶᠠᠩᠴᠸᠡᠭ ᠰᠢᠶᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠬᠤᠪᠢ ᠬᠥᠮᠥᠨ ᠤ ᠭᠤᠷᠪᠠᠨ ᠲᠥᠷᠥᠯ ᠤᠨ ᠤᠷᠤᠯᠳᠤᠭᠠᠨ ᠤᠯᠠᠭᠠᠨᠴᠠᠪ ᠬᠤᠳᠠ ᠶᠢᠨ ᠯᠢᠶᠠᠩᠴᠸᠡᠭ ᠰᠢᠶᠠᠨ ᠤ ᠲᠠᠭ᠎ᠠ ᠶᠢᠨ ᠨᠠᠭᠤᠷ ᠤᠯᠠᠨ ᠤᠯᠤᠰ ᠤᠨ ᠭᠡᠭᠡᠷᠡᠯᠡᠨ ᠴᠠᠨᠠᠯᠠᠬᠤ ᠲᠠᠯᠠᠪᠠᠢ ᠳᠤ ᠶᠠᠪᠤᠬᠳᠠᠵᠠᠢ᠃ ᠲᠤᠰ ᠤᠳᠠᠭ᠎ᠠ ᠶᠢᠨ ᠤᠷᠤᠯᠳᠤᠭᠠᠨ ᠢ ᠲᠤᠮᠳᠠᠳᠤ ᠤᠯᠤᠰ ᠤᠨ ᠬᠤᠪᠢ ᠬᠥᠮᠥᠨ ᠤ ᠭᠤᠷᠪᠠᠨ ᠲᠥᠷᠥᠯ ᠤᠨ ᠤᠷᠤᠯᠳᠤᠭᠠᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠪᠠ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠪᠡ᠃

  ᠲᠤᠰ ᠤᠳᠠᠭ᠎ᠠ ᠶᠢᠨ ᠤᠷᠤᠯᠳᠤᠭᠠᠨ ᠳᠤ᠂ ᠪᠡᠭᠡᠵᠢᠩ᠂ ᠾᠧᠪᠸᠢ᠂ ᠬᠠᠷᠠᠮᠦ᠋ᠷᠡᠨ᠂ ᠯᠢᠶᠤᠤᠨᠢᠩ᠂ ᠬᠢᠷᠢᠨ᠂ ᠱᠠᠨ ᠰᠢ᠂ ᠬᠥᠢᠵᠸᠤ᠂ ᠨᠢᠩᠰᠢᠶᠠ᠂ ᠥᠪᠥᠷ ᠮᠤᠩᠭᠤᠯ ᠵᠡᠷᠭᠡ ᠮᠤᠵᠢ ᠬᠤᠳᠠ ᠥᠪᠡᠷᠳᠡᠭᠡᠨ ᠵᠠᠰᠠᠬᠤ ᠤᠷᠤᠨ ᠤ 120 ᠭᠠᠷᠤᠢ ᠲᠠᠮᠢᠷᠴᠢᠨ ᠠᠳᠠᠯᠢ ᠪᠤᠰᠤ ᠲᠤᠭᠤᠢᠢᠯᠠᠩ ᠤᠨ ᠤᠷᠤᠯᠳᠤᠭᠠᠨ ᠳᠤ ᠤᠷᠤᠯᠴᠠᠵᠠᠢ᠃ ᠤᠷᠤᠯᠳᠤᠭᠠᠨ ᠨᠢ᠂ ᠡᠷᠡᠭᠳᠠᠢ ᠡᠮᠡᠭᠳᠠᠢ ᠶᠢᠨ ᠰᠤᠳᠤᠴᠤᠳ ᠤᠨ ᠲᠤᠭᠤᠢᠢᠯᠠᠩ᠂ ᠡᠷᠡᠭᠳᠠᠢ ᠡᠮᠡᠭᠳᠠᠢ ᠶᠢᠨ ᠤᠯᠠᠨ ᠲᠥᠮᠡᠨᠴᠢ ᠲᠤᠭᠤᠢᠢᠯᠠᠩ ᠬᠡᠵᠥ ᠬᠤᠪᠢᠶᠠᠨ ᠶᠠᠪᠤᠬᠳᠠᠵᠠᠢ᠃ ᠤᠯᠠᠨ ᠲᠥᠮᠡᠨᠴᠢ ᠲᠤᠭᠤᠢᠢᠯᠠᠩ ᠤᠨ ᠤᠷᠤᠯᠳᠤᠭᠠᠨ ᠢᠶᠠᠨ 15 — 29 ᠨᠠᠰᠤᠨ ᠤ ᠲᠤᠭᠤᠢᠢᠯᠠᠩ᠂ 30 — 44 ᠨᠠᠰᠤᠨ ᠤ ᠲᠤᠭᠤᠢᠢᠯᠠᠩ᠂ 45 ᠨᠠᠰᠤᠨ ᠠᠴᠠ ᠲᠡᠭᠡᠭᠰᠢᠬᠢ ᠲᠤᠭᠤᠢᠢᠯᠠᠩ ᠬᠤᠪᠢᠶᠠᠨ ᠶᠠᠪᠤᠬᠳᠠᠭᠤᠯᠵᠥ᠂ ᠨᠡᠩ ᠤᠯᠠᠨ ᠬᠥᠮᠥᠰ ᠤᠨ ᠮᠥᠰᠤ ᠴᠠᠰᠤᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠶᠢ ᠵᠤᠷᠢᠬᠵᠢᠭᠤᠯᠪᠠ᠃ ᠲᠠᠮᠢᠷᠴᠢᠳ ᠡᠪᠤᠯ ᠤᠨ ᠬᠠᠬᠢᠷ ᠬᠥᠢᠳᠠᠨ ᠢ ᠬᠠᠶᠢᠬᠤᠷᠤᠯ ᠥᠬᠡᠢ ᠪᠠᠷ ᠬᠤᠯᠠ ᠬᠥᠶᠥᠬᠦ᠂ ᠲᠤᠭᠤᠢ ᠲᠡᠷᠭᠡ ᠤᠷᠤᠯᠳᠤᠬᠤ ᠪᠠ ᠭᠡᠭᠡᠷᠠᠯᠡᠨ ᠴᠡᠨᠡᠯᠡᠬᠤ ᠭᠤᠷᠪᠠᠨ ᠲᠥᠷᠥᠯ ᠤᠨ ᠤᠷᠤᠯᠳᠤᠭᠠᠨ ᠳᠤ ᠥ ᠪᠠᠷ ᠥᠪᠡᠷ ᠤᠨ ᠬᠥᠴᠥᠨ ᠴᠢᠳᠠᠯ ᠢᠶᠠᠨ ᠰᠢᠪᠬᠠᠵᠥ᠂ ᠤᠷᠤᠯᠳᠤᠭᠠᠨ ᠤ ᠲᠠᠷᠠᠭᠠᠯᠠᠯ ᠶᠤᠰᠤᠭᠠᠷ ᠠᠮᠵᠢᠯᠳᠠᠳᠠᠢ ᠤᠷᠤᠯᠳᠤᠪᠠ᠃ (ᠦᠷᠭᠡᠨ )


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ