ᠥᠪᠡᠷᠳᠡᠭᠡᠨ ᠵᠠᠰᠠᠬᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ ᠠᠴᠠ ᠥᠢᠯᠡᠭᠠᠬᠰᠠᠨ ᠢᠶᠠᠷ᠂ ᠲᠦᠷᠦᠬᠦᠬᠡᠨ ᠶᠠᠪᠤᠬᠳᠠᠬᠰᠠᠨ 2019 ᠤᠨ ᠤ ᠡᠸᠦ᠋ᠷᠥᠫᠠ ᠶᠢᠨ ᠵᠢᠤᠳᠤᠤ ᠪᠥᠬᠡ ᠶᠢᠨ ᠢᠯᠡ ᠤᠷᠤᠯᠳᠤᠭᠠᠨ ᠢᠲ᠋ᠠᠯᠢ ᠶᠢᠨ ᠨᠠᠶᠢᠰᠯᠠᠯ ᠷᠤᠮᠠ ᠬᠤᠳᠠ ᠳᠤ ᠶᠠᠪᠤᠬᠳᠠᠵᠥ᠂ ᠲᠤᠮᠳᠠᠳᠤ ᠤᠯᠤᠰ ᠤᠨ ᠲᠥᠯᠥᠭᠡᠯᠡᠭᠴᠢ ᠶᠢᠨ ᠠᠩᠭᠢ ᠶᠢ ᠲᠥᠯᠥᠭᠡᠯᠡᠨ ᠤᠷᠤᠯᠴᠠᠭᠰᠠᠨ ᠮᠠᠨ ᠤ ᠤᠷᠤᠨ ᠤ ᠲᠠᠮᠢᠷᠴᠢᠳ ᠲᠤᠰ ᠤᠳᠠᠭ᠎ᠠ ᠶᠢᠨ ᠤᠷᠤᠯᠳᠤᠭᠠᠨ ᠳᠤ ᠤᠷ᠎ᠠ ᠠᠪᠢᠶᠠᠰ ᠢᠶᠠᠨ ᠪᠠᠳᠠᠷᠠᠭᠤᠯᠵᠥ᠂ 1 ᠠᠯᠳᠠᠨ ᠮᠧᠳᠠᠯ 1 ᠮᠥᠡᠭᠭᠦᠨ ᠮᠧᠳᠠᠯ 1 ᠬᠥᠷᠡᠯ ᠮᠧᠳᠠᠯ ᠭᠠᠷᠳᠠᠬᠰᠠᠨ ᠪᠠᠶᠢᠨ᠎ᠠ᠃

ᠥᠢᠯᠠᠭᠠᠬᠰᠠᠨ ᠢᠶᠠᠷ᠂ ᠲᠤᠰ ᠤᠳᠠᠭ᠎ᠠ ᠶᠢᠨ ᠤᠷᠤᠯᠳᠤᠭᠠᠨ ᠳᠤ ᠤᠯᠤᠬᠰᠠᠨ ᠬᠤᠪᠢ ᠶᠢ ᠲᠤᠤᠺᠢᠣ᠋ ᠳᠤ ᠶᠠᠪᠤᠬᠳᠠᠬᠤ 2020 ᠤᠨ ᠤ ᠤᠯᠢᠮᠫᠢᠺ ᠤᠨ ᠲᠠᠮᠢᠷ ᠤᠨ ᠴᠤᠬᠯᠠᠭᠠᠨ ᠳᠤ ᠤᠷᠤᠯᠴᠠᠬᠤ ᠡᠷᠭᠡ ᠶᠢᠨ ᠬᠤᠪᠢ ᠨᠡᠮᠡᠬᠦ ᠳᠤ ᠪᠤᠳᠤᠵᠤ ᠤᠷᠤᠭᠤᠯᠬᠤ ᠪᠤᠯᠬᠤᠷ ᠡᠯ᠎ᠠ ᠤᠯᠤᠰ ᠤᠨ ᠠᠩᠬᠠᠷᠤᠯ ᠢ ᠲᠠᠳᠠᠵᠥ᠂ ᠨᠡᠶᠢᠳᠠ 309 ᠲᠠᠮᠢᠷᠴᠢᠨ ᠤᠷᠤᠯᠴᠠᠵᠠᠢ᠃ ᠡᠬᠦᠨ ᠳᠤ᠂ ᠮᠠᠨ ᠤ ᠤᠷᠤᠨ ᠨᠡᠶᠢᠳᠠ 3 ᠲᠠᠮᠢᠷᠴᠢᠨ ᠢ ᠲᠤᠮᠢᠯᠠᠨ ᠤᠯᠤᠰ ᠤᠨ ᠠᠩᠭᠢ ᠶᠢ ᠲᠥᠯᠥᠭᠡᠯᠡᠨ ᠤᠷᠤᠯᠴᠠᠭᠤᠯᠪᠠ᠃ ᠤᠷᠤᠯᠳᠤᠭᠠᠨ ᠤ ᠳ᠋ᠥᠡᠭ ᠳᠤ ᠮᠠᠨ ᠤ ᠤᠷᠤᠨ ᠤ ᠲᠠᠮᠢᠷᠴᠢᠨ ᠴᠢᠨᠳᠠᠭ᠎ᠠ 73 ᠺᠢᠯᠥᠭᠷᠡᠮ ᠤᠨ ᠲᠠᠰ ᠤᠨ ᠤᠷᠤᠯᠳᠤᠭᠠᠨ ᠳᠤ ᠲᠥᠷᠥᠬᠦᠯᠡᠨ ᠠᠯᠳᠠᠨ ᠮᠧᠳᠠᠯ ᠭᠠᠷᠳᠠᠵᠥ᠂ ᠲᠠᠮᠢᠷᠴᠢᠨ ᠡᠷᠬᠢᠮᠪᠠᠳᠤ 100 ᠺᠢᠯᠥᠭᠷᠡᠮ ᠤᠨ ᠲᠡᠰ ᠤᠨ ᠤᠷᠤᠯᠳᠤᠭᠠᠨ ᠳᠤ ᠲᠡᠳ᠋ᠯᠠᠵᠥ᠂ ᠪᠥᠬᠡᠪᠢᠯᠢᠭ 90 ᠺᠢᠯᠥᠭᠷᠡᠮ ᠤᠨ ᠲᠡᠰ ᠤᠨ ᠤᠷᠤᠯᠳᠤᠭᠠᠨ ᠳᠤ ᠬᠥᠷᠡᠯ ᠮᠧᠳᠠᠯ ᠤᠯᠤᠬᠰᠠᠨ ᠪᠠᠶᠢᠨ᠎ᠠ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ