1.jpg

ᠰᠢᠷᠠᠬᠴᠢᠨ ᠭᠠᠭ᠋ᠠᠢ  ᠵᠢᠯ ᠤᠨ  ᠴᠠᠭᠠᠨ ᠰᠠᠷ᠎ᠠ ᠶᠢᠨ ᠠᠷᠪᠠᠨ ᠨᠢᠭᠡᠨ ᠲᠠᠷᠤᠢ 2 ᠰᠠᠷ᠎ᠠ ᠶᠢᠨ 15 ᠤ ᠡᠳᠦᠷ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ 《ᠦᠵᠦᠮᠦᠴᠢᠨ ᠤᠶᠠᠭ᠎ᠠ》 ᠬᠤᠯᠪᠤᠭ᠎ᠠ ᠶᠢᠨ ᠬᠠᠮᠳᠤ ᠤᠯᠠᠨ ᠠᠴᠠ ᠵᠤᠭᠢᠶᠠᠨ ᠪᠠᠶᠢᠭᠤᠯᠤᠬᠰᠠᠨ 《ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ  ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠠᠳᠤᠭᠤᠨ ᠰᠤᠶᠤᠯ ᠤᠨ ᠦᠵᠡᠬᠦᠯᠭᠡ ᠶᠢ ᠤᠬᠳᠤᠬᠤ  ᠵᠢᠴᠢ <ᠦᠵᠦᠮᠦᠴᠢᠨ ᠤᠶᠠᠭ᠎ᠠ —2019> ᠴᠠᠭᠠᠨ ᠰᠠᠷ᠎ᠠ ᠶᠢᠨ  ᠵᠤᠯᠭᠠᠯᠳᠠ》 ᠨᠢᠵᠢᠭᠡᠷ ᠰᠠᠶᠢᠬᠠᠨ ᠶᠠᠪᠤᠬᠳᠠᠵᠤ  ᠨᠠᠭᠠᠳᠤᠮᠴᠢᠳ ᠢᠶᠠᠨ ᠪᠠᠶᠠᠰᠬᠠᠪᠠ ᠃

ᠪᠠᠷᠠᠭᠤᠨ ᠦᠵᠦᠮᠦᠴᠢᠨ ᠬᠤᠰᠢᠭᠤᠨ ᠤ 《ᠦᠵᠦᠮᠦᠴᠢᠨ ᠤᠶᠠᠭ᠎ᠠ》 ᠬᠤᠯᠪᠤᠭ᠎ᠠ ᠪᠤᠯ 2017  ᠤᠨ ᠤ 5 ᠰᠠᠷ᠎ᠠ ᠳᠤ ᠪᠠᠶᠢᠭᠤᠯᠤᠬᠳᠠᠭᠠᠳ ᠨᠢᠭᠡ ᠵᠢᠯ ᠭᠠᠷᠤᠢ ᠪᠤᠯᠵᠤ ᠪᠠᠶᠢᠭ᠎ᠠ ᠰᠤᠷᠤᠬᠴᠢᠳ ᠲᠤ ᠦᠨ᠎ᠠ ᠲᠦᠯᠦᠪᠤᠷᠢ ᠦᠭᠡᠢ ᠪᠠᠷ ᠮᠤᠷᠢ ᠤᠨᠤᠬᠤ ᠶᠢ ᠰᠤᠷᠭᠠᠬᠤ᠂ ᠺᠡᠳ᠋ᠷ ᠠᠵᠢᠯᠳᠠᠨ ᠤ ᠮᠤᠷᠢ ᠤᠨᠤᠵᠤ ᠪᠡᠶ᠎ᠠ ᠪᠠᠨ ᠪᠤᠯᠪᠠᠰᠤᠷᠠᠭᠤᠯᠬᠤ᠂ ᠠᠳᠤᠭᠤᠨ ᠤ ᠰᠤᠶᠤᠯ ᠢᠶᠠᠨ  ᠭᠠᠳᠠᠬᠰᠢ ᠤᠬᠠᠭᠤᠯᠬᠤ ᠳᠤ ᠦᠢᠯᠡᠴᠢᠯᠡᠭᠡ ᠬᠠᠨᠭ᠍ᠭᠠᠬᠤ ᠪᠠᠷ ᠵᠤᠷᠢᠯᠭ᠎ᠠ ᠪᠠᠨ ᠪᠤᠯᠭᠠᠬᠰᠠᠨ 60 ᠭᠠᠷᠤᠢ ᠭᠡᠰᠢᠭᠦᠨ ᠲᠠᠢ  ᠬᠤᠯᠪᠤᠭ᠎ᠠ  ᠪᠤᠯᠤᠨ᠎ᠠ᠃ 

《ᠦᠵᠦᠮᠦᠴᠢᠨ ᠤᠶᠠᠭ᠎ᠠ —2019》 ᠴᠠᠭᠠᠨ ᠰᠠᠷ᠎ᠠ ᠶᠢᠨ ᠵᠤᠯᠭᠠᠯᠳᠠ  ᠨᠢ ᠢᠷᠡᠭᠦ ᠵᠤᠨ ᠶᠠᠪᠤᠬᠳᠠᠬᠤ ᠪᠠᠷ ᠪᠠᠶᠢᠭ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ  ᠠᠳᠤᠭᠤᠨ ᠤ ᠰᠤᠶᠤᠯ ᠤᠨ ᠦᠵᠡᠬᠦᠯᠭᠡ ᠳᠤ ᠪᠠᠷᠠᠭᠤᠨ ᠦᠵᠦᠮᠦᠴᠢᠨ ᠬᠤᠰᠢᠭᠤ ᠨᠢ ᠰᠠᠯᠪᠤᠷᠢ  ᠬᠤᠷᠠᠯ ᠤᠨ ᠲᠠᠯᠠᠪᠠᠢ ᠪᠤᠯᠤᠬᠰᠠᠨ ᠢ ᠨᠡᠶᠢᠳᠡ ᠤᠯᠠᠨ ᠳᠤ ᠪᠠᠨ ᠰᠤᠷᠳᠠᠯᠴᠢᠯᠠᠨ ᠤᠬᠠᠭᠤᠯᠵᠤ᠂ ᠤᠶᠠᠭᠠᠴᠢᠳ ᠪᠤᠯᠤᠨ ᠮᠠᠯᠴᠢᠳ ᠤᠨ ᠡᠨᠡᠭᠦ ᠠᠵᠢᠯᠯᠠᠭ᠎ᠠ ᠳᠤ ᠢᠳᠡᠪᠭᠢᠲᠠᠢ ᠤᠷᠤᠯᠴᠠᠬᠤ  ᠢᠳᠡᠭᠡᠯ ᠵᠤᠷᠢᠭ ᠢ  ᠭᠦᠪᠴᠢᠯᠡᠭᠦ  ᠵᠤᠷᠢᠯᠭ᠎ᠠ  ᠪᠠᠷ ᠭᠢᠭᠰᠡᠨ ᠪᠠᠶᠢᠨ᠎ᠠ᠃

《ᠦᠵᠦᠮᠦᠴᠢᠨ ᠤᠶᠠᠭ᠎ᠠ —2019》 ᠴᠠᠭᠠᠨ ᠰᠠᠷ᠎ᠠ ᠶᠢᠨ ᠵᠤᠯᠭᠠᠯᠳᠠ ᠨᠢ  ᠬᠤᠷᠢᠨ ᠭᠠᠵᠠᠷ ᠤᠨ ᠮᠤᠩᠭᠤᠯ  ᠮᠤᠷᠢᠨ ᠤ ᠤᠷᠤᠯᠳᠤᠭᠠᠨ ᠪᠤᠯᠤᠨ ᠠᠷᠪᠠᠨ ᠭᠠᠵᠠᠷ ᠤᠨ ᠮᠤᠷᠢᠨ ᠤ ᠤᠷᠤᠯᠳᠤᠭᠠᠨ ᠢᠶᠠᠷ ᠶᠠᠪᠤᠬᠳᠠᠵᠤ᠂ ᠬᠤᠯᠠ ᠤᠶᠢᠷ᠎ᠠ ᠠᠴᠠ ᠭᠦᠷᠦᠯᠴᠡᠨ ᠢᠷᠡᠭᠰᠡᠨ ᠤᠶᠠᠭᠠᠴᠢ ᠤᠨᠤᠭᠠᠴᠢ ᠪᠤᠯᠤᠨ ᠮᠤᠷᠢᠨ ᠳᠤ ᠪᠠᠨ ᠬᠠᠶᠢᠷᠠᠲᠠᠢ ᠮᠠᠯᠴᠢᠳ ᠢᠳᠡᠪᠭᠢᠲᠠᠢ ᠤᠷᠤᠯᠴᠠᠵᠤ᠂ ᠤᠷᠤᠯᠳᠤᠭᠠᠨ ᠳᠤ  ᠰᠢᠯᠢᠳᠡᠭ ᠭᠢᠷᠢ ᠪᠦᠳᠦᠮᠵᠢ ᠤᠯᠤᠬᠰᠠᠳ ᠢ ᠱᠠᠩᠨᠠᠨ ᠵᠤᠷᠢᠬᠵᠢᠭᠤᠯᠪᠠ᠃

15.jpg

ᠢᠷᠡᠯᠳᠡ : 

 ᠲᠦᠪ ᠲᠧᠯᠸᠢᠰ ᠤᠨ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ