ᠵᠢᠮᠢᠰ ᠢᠶᠠᠷ ᠣᠷᠣᠢ ᠶᠢᠨ ᠬᠤᠭᠤᠯᠠ ᠪᠠᠨ ᠣᠷᠣᠯᠠᠭᠤᠯᠬᠤ ᠨᠢ ᠦᠨᠡᠬᠡᠷ ᠮᠠᠷᠢᠶ᠎ᠠ ᠪᠠᠭᠤᠷᠠᠭᠤᠯᠬᠤ ᠵᠣᠷᠢᠯᠭ᠎ᠠ ᠳᠠᠭᠠᠨ ᠬᠦᠷᠴᠦ ᠴᠢᠳᠠᠨ᠎ᠠ ᠦᠦ︖ ᠲᠥᠷᠥᠭᠦᠭᠡᠡ ᠨᠢᠭᠡ ᠬᠡᠰᠡᠭ ᠬᠤᠭᠤᠴᠠᠭᠠᠨ ᠳᠤ ᠵᠢᠷᠭᠢᠶ᠎ᠠ  ᠶᠢᠨ ᠨᠠᠶᠢᠵᠠ ᠶᠢᠨ ᠲᠤᠭᠤᠷᠢᠭ ᠲᠤ ᠬᠦᠭᠵᠢᠶᠡᠨ ᠲᠠᠢ ᠶᠠᠷᠢᠭᠳᠠᠵᠤ ᠪᠠᠶᠢᠭᠰᠠᠨ 《ᠨᠢᠭᠡ ᠰᠠᠷ᠎ᠠ ᠶᠢᠨ ᠬᠤᠭᠤᠴᠠᠭᠠᠨ ᠳᠤ ᠤᠷᠤᠢ ᠶᠢᠨ ᠬᠤᠭᠤᠯᠠ ᠪᠠᠨ ᠵᠢᠮᠢᠰ ᠢᠶᠠᠷ ᠤᠷᠤᠯᠠᠭᠤᠯᠤᠭᠰᠠᠨ ᠢᠶᠠᠷ ᠬᠠᠩᠵᠧᠦ ᠶᠢᠨ 21 ᠨᠠᠰᠤᠲᠠᠶ ᠵᠠᠯᠠᠭᠤ ICU ᠳᠤ ᠤᠷᠤᠭᠰᠠᠨ》 ᠶᠠᠪᠤᠳᠠᠯ ᠨᠢ ᠤᠯᠠᠨ ᠬᠦᠮᠦᠨ ᠤ ᠰᠡᠳᠬᠢᠯ ᠰᠠᠨᠠᠭ᠎ᠠ ᠶᠢ ᠠᠮᠤᠷ ᠦᠭᠡᠢ ᠪᠤᠯᠭᠠᠪᠠ᠃ ᠤᠤᠯ ᠨᠢ᠂ ᠣᠷᠣᠢ ᠶᠢᠨ ᠬᠤᠭᠤᠯᠠ ᠪᠠᠨ ᠵᠢᠮᠢᠰ ᠢᠶᠠᠷ ᠣᠷᠣᠯᠠᠭᠤᠯᠤᠭᠰᠠᠨ ᠠᠴᠠ ᠪᠤᠯᠤᠭᠠᠳ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠪᠠᠶᠢᠵᠠᠢ᠃ ᠡᠶᠢᠮᠦ ᠠᠴᠠ ᠣᠷᠣᠢ ᠶᠢᠨ ᠬᠤᠭᠤᠯᠠ ᠪᠠᠨ ᠵᠢᠮᠢᠰ ᠢᠶᠠᠷ ᠣᠷᠣᠯᠠᠭᠤᠯᠵᠤ ᠠᠷᠢᠶ᠎ᠠ ᠪᠠᠭᠤᠷᠠᠭᠤᠯᠬᠤ ᠨᠢ ᠦᠨᠡᠬᠡᠷ ᠨᠢᠭᠡᠨ ᠲᠡᠨᠡᠭ ᠰᠣᠩᠭᠤᠯᠲᠠ ᠶᠤᠮ᠃

ᠡᠳᠦᠷ ᠪᠦᠷᠢ ᠭᠤᠷᠪᠠᠨ ᠡᠷᠢᠨ ᠤ ᠬᠤᠭᠤᠯᠠ ᠪᠠᠨ ᠰᠠᠶᠢᠨ ᠢᠳᠡᠬᠦ ᠪᠤᠯ ᠡᠷᠡᠭᠦᠯ ᠡ᠊ᠩᠭᠡ ᠶᠠᠪᠤᠬᠤ ᠶᠢᠨ ᠰᠠᠭᠤᠷᠢ ᠮᠥᠨ᠃ ᠭᠤᠣᠯ ᠬᠤᠭᠤᠯᠠ ᠪᠠᠨ ᠢᠳᠡᠬᠦ ᠦᠭᠡᠢ ᠪᠠᠷ ᠮᠠᠷᠢᠶ᠎ᠠ ᠪᠠᠭᠤᠷᠠᠭᠤᠯᠬᠤ ᠨᠢ ᠪᠦᠲᠦᠰᠢ ᠦᠭᠡᠢ᠂ ᠢᠳᠡᠰᠢᠨ ᠨᠣᠭᠤᠭ᠎ᠠ ᠭᠤᠣᠯ ᠬᠤᠭᠤᠯᠠ ᠶᠢ ᠤᠷᠤᠯᠠᠵᠤ ᠴᠢᠳᠠᠬᠤ ᠦᠭᠡᠢ᠂ ᠵᠢᠮᠢᠰ ᠨᠢ ᠴᠦ ᠭᠤᠤᠯ ᠬᠤᠭᠤᠯᠠ ᠶᠢ ᠣᠷᠣᠯᠠᠵᠤ ᠳᠡᠶᠢᠯᠬᠦ ᠦᠭᠡᠢ ᠶᠤᠮ᠃ ᠵᠢᠮᠢᠰ ᠨᠢ ᠵᠥᠪᠬᠡᠨ ᠴᠠᠭ ᠤᠨ ᠬᠤᠭᠤᠯᠠᠨ ᠠᠴᠠ ᠭᠠᠳᠠᠨᠠᠬᠢ ᠨᠥᠬᠦᠪᠥᠷᠢ ᠪᠤᠯᠳᠠᠭ᠃ ᠤᠳᠤ ᠨᠢᠭᠡᠨᠲᠡ ᠮᠡᠳᠡᠭᠰᠡᠨ ᠬᠥᠮᠦᠨ ᠤ ᠪᠡᠶ᠎ᠡ ᠳᠤ ᠱᠠᠭᠠᠷᠳᠠᠭᠳᠠᠬᠤ ᠰᠢᠮ᠎ᠡ ᠲᠡᠵᠢᠭᠡᠯᠲᠦ ᠡᠳ᠋ ᠨᠢ 40 ᠭᠠᠷᠤᠶ ᠵᠦᠢᠯ ᠪᠠᠶᠢᠨ᠎ᠠ᠂ ᠡᠳᠡᠭᠡᠷ ᠰᠢᠮ᠎ᠡ ᠲᠡᠵᠢᠭᠡᠯᠲᠦ ᠡᠳ᠋ ᠢ ᠴᠥᠮ ᠡᠯ᠎ᠡ ᠵᠦᠢᠯ ᠤᠨ ᠢᠳᠡᠭᠡᠨ ᠠᠴᠠ ᠣᠯᠳᠠᠭ᠃ ᠤᠭᠤᠷᠠᠭ᠂ ᠥᠭᠡᠬᠦ᠂ ᠨᠡᠭᠦᠷᠡᠰᠦ ᠤᠰᠤᠨ ᠤ ᠨᠢᠭᠡᠳᠪᠦᠷᠢ ᠪᠣᠯ ᠬᠥᠮᠦᠨ ᠤ ᠪᠡᠶ᠎ᠡ ᠳᠤ ᠱᠠᠭᠠᠷᠳᠠᠭᠳᠠᠬᠤ ᠬᠡᠮᠵᠢᠶ᠎ᠡ ᠨᠢ ᠬᠠᠮᠤᠭ ᠤᠨ ᠶᠡᠭᠡ ᠭᠤᠷᠪᠠᠨ ᠵᠦᠢᠯ ᠤᠨ ᠰᠢᠮ᠎ᠡ ᠲᠡᠵᠢᠭᠡᠯᠲᠦ ᠡᠳ᠋ ᠪᠠᠶᠢᠵᠤ᠂ ᠬᠥᠮᠦᠨ ᠤ ᠪᠡᠶ᠎ᠡ ᠶᠢᠨ ᠡᠷᠬᠡᠪᠰᠢ ᠬᠡᠷᠡᠭᠰᠡᠬᠦ ᠰᠢᠮ᠎ᠡ ᠲᠡᠵᠢᠭᠡᠯᠲᠦ ᠡᠳ᠋ ᠪᠥᠭᠡᠳ ᠴᠢᠬᠤᠯᠠ ᠹᠢᠽᠢᠦᠯᠤᠭᠢ ᠶᠢᠨ ᠦᠢᠯᠡᠳᠦᠯ ᠦᠵᠡᠭᠦᠯᠵᠦ ᠪᠠᠶᠢᠳᠠᠭ᠃ ᠵᠢᠮᠢᠰ ᠤᠨ ᠳᠣᠲᠣᠷ᠎ᠠ ᠤᠰᠤ ᠠᠷᠪᠢᠨ ᠠᠭᠤᠯᠤᠭᠳᠠᠵᠤ᠂ ᠶᠡᠷᠦ ᠳᠡᠭᠡᠨ ᠰᠢᠬᠢᠷ ᠴᠤ ᠴᠥᠭᠡᠨ ᠪᠤᠰᠤ ᠪᠠᠶᠢᠳᠠᠭ᠂ ᠭᠡᠪᠡᠴᠦ ᠤᠭᠤᠷᠠᠭ ᠲᠤᠩ ᠴᠥᠭᠡᠨ ᠪᠥᠭᠡᠳ ᠬᠥᠮᠦᠨ ᠤ ᠪᠡᠶ᠎ᠡ ᠳᠤ ᠳᠤᠲᠠᠭᠳᠠᠵᠤ ᠪᠣᠯᠤᠰᠢ ᠦᠭᠡᠢ ᠥᠭᠡᠬᠦᠨ ᠬᠦᠴᠢᠯ ᠪᠠᠷᠤᠭ ᠠᠭᠤᠯᠤᠭᠳᠠᠬᠤ ᠦᠭᠡᠢ ᠪᠠᠶᠢᠳᠠᠭ᠂ ᠵᠥᠪᠬᠡᠨ ᠵᠢᠮᠢᠰ ᠢᠳᠡᠬᠦ ᠨᠢ ᠬᠥᠮᠦᠨ ᠤ ᠪᠡᠶ᠎ᠡ ᠶᠢᠨ ᠬᠤᠷᠸ᠎ᠠ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠳᠤ ᠬᠤᠯᠠ ᠬᠦᠷᠦᠯᠴᠡᠬᠦ ᠦᠭᠡᠢ ᠶᠤᠮ᠃ ᠲᠡᠶᠢᠮᠦ ᠤᠴᠢᠷ ᠠᠴᠠ ᠵᠢᠮᠢᠰ ᠢ ᠢᠳᠡᠬᠦ ᠦᠭᠡᠢ ᠪᠣᠯ ᠪᠣᠯᠬᠤ ᠦᠭᠡᠢ᠂ ᠳᠤᠲᠠᠭᠤ ᠢᠳᠡᠪᠡᠴᠦ ᠪᠣᠯᠬᠤ ᠦᠭᠡᠢ᠂ ᠢᠯᠡᠭᠦᠦ ᠢᠳᠡᠪᠡᠴᠦ ᠪᠣᠯᠬᠤ ᠦᠭᠡᠢ ᠪᠠᠶᠢᠳᠠᠭ᠃

ᠵᠢᠮᠢᠰ ᠢᠶᠠᠷ ᠴᠠᠭ ᠤᠨ ᠬᠤᠭᠤᠯᠠ ᠶᠢ ᠣᠷᠣᠯᠠᠭᠤᠯᠵᠤ ᠪᠣᠯᠬᠤ ᠦᠭᠡᠢ᠂ ᠵᠢᠮᠢᠰ ᠢᠯᠡᠭᠦᠦ ᠢᠳᠡᠵᠦ᠂ ᠴᠠᠭ ᠤᠨ ᠬᠤᠭᠤᠯᠠ ᠪᠠᠨ ᠪᠠᠭ᠎ᠠ ᠢᠳᠡᠬᠦ ᠠᠷᠭ᠎ᠠ ᠮᠠᠶ᠋ᠢᠭ ᠢᠶᠠᠷ ᠮᠠᠷᠢᠶ᠎ᠠ ᠪᠠᠭᠤᠷᠠᠭᠤᠯᠬᠤ ᠨᠢ ᠨᠡᠩ ᠴᠤ ᠪᠠᠶᠢᠵᠤ ᠪᠣᠯᠤᠰᠢ ᠦᠭᠡᠢ᠃ ᠡᠨᠡ ᠠᠷᠭ᠎ᠠ ᠪᠠᠷ ᠮᠠᠷᠢᠶ᠎ᠠ ᠪᠠᠭᠤᠷᠠᠭᠤᠯᠳᠠᠭ ᠬᠥᠮᠦᠰ ᠵᠢᠮᠢᠰ ᠲᠤ ᠡᠨᠧᠷᠭᠢ ᠪᠠᠭ᠎ᠠ ᠠᠭᠤᠯᠤᠨ᠎ᠠ ᠭᠡᠵᠦ ᠦᠵᠡᠳᠡᠭ᠂ ᠭᠡᠲᠡᠯ᠎ᠡ ᠬᠡᠷᠡᠭ ᠳᠡᠭᠡᠷ᠎ᠡ ᠪᠠᠨ ᠲᠡᠶᠢᠮᠦ ᠪᠢᠰᠢ ᠶᠤᠮ᠃ ᠵᠢᠮᠢᠰ ᠤᠨ ᠳᠣᠲᠣᠷᠠᠬᠢ ᠰᠢᠬᠢᠷ ᠨᠢ ᠶᠡᠷᠦᠩᠬᠡᠶ ᠳᠡᠭᠡᠨ ᠨᠡᠯᠢᠶᠡᠳ ᠶᠡᠭᠡ ᠪᠥᠭᠡᠳ ᠠᠮᠠᠷᠬᠠᠨ ᠰᠢᠩᠭᠡᠭᠡᠬᠦ ᠰᠢᠬᠢᠷ ᠤᠨ ᠲᠥᠷᠥᠯ ᠪᠠᠶᠢᠳᠠᠭ᠂ ᠬᠡᠳᠦ᠋ᠢᠪᠡᠷ ᠠᠳᠠᠯᠢᠬᠠᠨ ᠬᠦᠨᠳᠦᠴᠡ ᠲᠠᠢ ᠵᠢᠮᠢᠰ ᠲᠤ ᠠᠭᠤᠯᠬᠤ ᠡᠨᠧᠷᠭᠢ ᠨᠢ ᠪᠤᠳᠠᠭ᠎ᠠ ᠠᠴᠠ ᠪᠠᠭ᠎ᠠ ᠪᠤᠯᠪᠠᠴᠤ ᠠᠳᠠᠯᠢᠬᠠᠨ ᠬᠦᠨᠳᠦᠴᠡ ᠲᠠᠢ ᠢᠳᠡᠰᠢᠨ ᠨᠣᠭᠤᠭ᠎ᠠ ᠠᠴᠠ ᠢᠯᠡᠭᠦᠦ ᠪᠠᠶᠢᠳᠠᠭ᠂ ᠲᠡᠶᠢᠮᠦ ᠤᠴᠢᠷ ᠠᠴᠠ ᠵᠢᠮᠢᠰ ᠢ ᠬᠡᠮᠵᠢ᠊ ᠡᠶ᠎ᠡ ᠲᠠᠢ ᠢᠳᠡᠬᠦ ᠬᠡᠷᠡᠭᠲᠡᠢ᠃ ᠨᠦᠬᠦᠭᠡ ᠲᠠᠯ᠎ᠠ ᠪᠠᠷ᠂ ᠵᠢᠮᠢᠰ ᠨᠢ ᠰᠢᠬᠢᠷᠯᠢᠭ ᠠᠮᠲᠠᠲᠠᠶ ᠪᠤᠯᠬᠤᠷ ᠬᠥᠮᠦᠰ ᠠᠮᠠᠷᠬᠠᠨ ᠬᠡᠲᠦᠷᠡᠲᠡᠯ᠎ᠡ ᠢᠳᠡᠵᠦ᠂ ᠰᠠᠨᠠᠮᠰᠠᠷ ᠦᠭᠡᠢ ᠪᠠᠷ ᠰᠢᠬᠢᠷ ᠢ ᠳᠡᠩᠳᠡᠭᠦᠦ ᠠᠷᠪᠢᠨ ᠰᠢᠩᠭᠡᠭᠡᠭᠰᠡᠨ ᠳᠤ ᠬᠦᠷᠴᠦ᠂ ᠮᠠᠷᠢᠶ᠎ᠠ ᠪᠠᠭᠤᠷᠠᠭᠤᠯᠬᠤ ᠭᠡᠳ ᠭᠡᠳᠡᠷᠭᠦ ᠪᠠᠨ ᠮᠠᠷᠢᠶᠠᠯᠠᠵᠤ ᠮᠡᠳᠡᠨ᠎ᠠ᠂ ᠡᠭᠦᠨ ᠤ ᠬᠠᠮᠲᠤ ᠪᠠᠰᠠ ᠰᠢᠮ᠎ᠡ ᠲᠡᠵᠢᠭᠡᠯ ᠲᠡᠩᠴᠡᠭᠦᠷᠢ ᠦᠭᠡᠶ ᠠᠰᠠᠭᠤᠳᠠᠯ ᠭᠠᠷᠴᠤ ᠮᠡᠳᠡᠨ᠎ᠡ᠃ ᠵᠢᠮᠢᠰ ᠢᠳᠡᠵᠦ ᠮᠠᠷᠢᠶ᠎ᠠ ᠪᠠᠭᠤᠷᠠᠭᠤᠯᠬᠤ ᠪᠤᠯ ᠨᠢᠭᠡᠨ ᠶᠡᠭᠡ ᠪᠤᠷᠤᠭᠤ ᠣᠶᠢᠯᠠᠭᠠᠯᠲᠠ ᠶᠤᠮ᠃

ᠢᠳᠡᠰᠢᠨ ᠨᠣᠭᠤᠭ᠎ᠠ ᠪᠠ ᠵᠢᠮᠢᠰ ᠨᠢ ᠸᠢᠲ᠋ᠠᠮᠢᠨ᠂ ᠮᠢᠨᠧᠷᠡᠯ ᠪᠣᠳᠠᠰ᠂ ᠢᠳᠡᠰᠢᠨ ᠤ ᠰᠢᠷᠬᠡᠭᠯᠢᠭ ᠪᠣᠯᠤᠨ ᠤᠷᠭᠤᠮᠠᠯ ᠤᠨ ᠬᠢᠮᠢ ᠶᠢᠨ ᠪᠣᠳᠠᠰ ᠤᠨ ᠴᠢᠬᠤᠯᠠ ᠡᠬᠢ ᠰᠤᠷᠪᠤᠯᠵᠢ ᠮᠥᠨ᠃ ᠢᠳᠡᠰᠢᠨ ᠨᠣᠭᠤᠭ᠎ᠠ ᠪᠣᠯᠤᠨ ᠵᠢᠮᠢᠰ ᠨᠢ ᠮᠠᠰᠢ ᠣᠯᠠᠨ ᠠᠳᠠᠯᠢᠪᠳᠤᠷ ᠲᠠᠯ᠎ᠠ ᠪᠠᠶᠢᠬᠤ ᠪᠣᠯᠪᠠᠴᠤ ᠠᠳᠠᠯᠢ ᠪᠤᠰᠤ ᠲᠥᠷᠦᠯ ᠵᠦᠢᠯ ᠤᠨ ᠢᠳᠡᠭᠡᠨ ᠶᠤᠮ᠂ ᠰᠢᠮ᠎ᠡ ᠲᠡᠵᠢᠭᠡᠯ ᠤᠨ ᠦᠨ᠎ᠡ ᠥᠷᠳᠡᠭ ᠤᠨ ᠳᠠᠪᠠᠭᠤᠯᠢᠭ ᠨᠢ ᠠᠳᠠᠯᠢ ᠦᠭᠡᠢ᠃ ᠢᠳᠡᠰᠢᠨ ᠨᠣᠭᠤᠭ᠎ᠠ᠂ ᠣᠨᠴᠠᠭᠠᠶᠢᠯᠠᠨ ᠭᠦᠨ ᠥᠩᠭᠡᠲᠡᠶ ᠢᠳᠡᠰᠢᠨ ᠨᠣᠭᠤᠭ᠎ᠠ ᠳᠤ ᠠᠭᠤᠯᠬᠤ ᠸᠢᠲ᠋ᠠᠮᠢᠨ᠂ ᠮᠢᠨᠧᠷᠠᠯ ᠪᠣᠳᠠᠰ᠂ ᠢᠳᠡᠰᠢᠨ ᠤ ᠰᠢᠷᠬᠡᠭᠯᠢᠭ ᠪᠣᠯᠤᠨ ᠤᠷᠭᠤᠮᠠᠯ ᠤᠨ ᠬᠢᠮᠢ ᠶᠢᠨ ᠪᠣᠳᠠᠰ ᠨᠢ ᠴᠥᠮ ᠵᠢᠮᠢᠰ ᠠᠴᠠ ᠶᠡᠭᠡ ᠪᠠᠶᠢᠳᠠᠭ᠂ ᠡᠶᠢᠮᠦ ᠠᠴᠠ ᠵᠢᠮᠢᠰ ᠨᠢ ᠢᠳᠡᠰᠢᠨ ᠨᠣᠭᠤᠭ᠎ᠠ ᠶᠢ ᠣᠷᠣᠯᠠᠵᠤ ᠴᠢᠳᠠᠬᠤ ᠦᠭᠡᠢ᠃ ᠨᠦᠬᠦᠭᠡ ᠲᠠᠯ᠎ᠠ ᠪᠠᠷ ᠬᠤᠭᠤᠯᠠ ᠢᠳᠡᠰᠢ ᠶᠢᠨ ᠳᠣᠲᠣᠷ᠎ᠠ ᠵᠢᠮᠢᠰ ᠨᠢ ᠢᠳᠡᠰᠢᠨ ᠨᠣᠭᠤᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠥᠬᠦᠪᠥᠷᠢᠯᠡᠵᠦ ᠪᠣᠯᠤᠨ᠎ᠠ᠂ ᠵᠢᠮᠢᠰ ᠲᠤ ᠠᠭᠤᠯᠬᠤ ᠨᠡᠭᠦᠷᠡᠰᠦ ᠤᠰᠤᠨ ᠤ ᠨᠢᠭᠡᠳᠪᠦᠷᠢ᠂ ᠣᠷᠭᠠᠨᠢᠭ ᠬᠦᠴᠢᠯ᠂ ᠦᠨᠦᠷᠲᠦ ᠪᠣᠳᠠᠰ ᠨᠢ ᠰᠢᠨ᠎ᠡ ᠰᠣᠷᠭᠤᠭ ᠢᠳᠡᠰᠢᠨ ᠨᠣᠭᠤᠭ᠎ᠠ ᠠᠴᠠ ᠥᠨᠳᠥᠷ ᠪᠠᠶᠢᠳᠠᠭ᠂ ᠪᠠᠰᠠ ᠵᠢᠮᠢᠰ ᠢ ᠢᠳᠡᠬᠦ ᠳᠤ ᠳᠥᠭᠦᠮ᠂ ᠴᠢᠨᠠᠵᠤ ᠪᠤᠯᠭᠤᠬᠤ ᠴᠢᠬᠤᠯᠠ ᠦᠭᠡᠢ ᠤᠴᠢᠷ ᠠᠴᠠ ᠰᠢᠮ᠎ᠡ ᠲᠡᠵᠢᠭᠡᠯ ᠤᠨ ᠪᠦᠷᠢᠯᠳᠦᠬᠦᠨ ᠨᠢ ᠴᠢᠨᠠᠵᠤ ᠪᠤᠯᠭᠤᠬᠤ ᠠᠴᠠ ᠪᠣᠯᠣᠭᠠᠳ ᠠᠯᠳᠠᠭᠳᠠᠬᠤ ᠦᠭᠡᠢ ᠪᠠᠶᠢᠳᠠᠭ᠂ ᠡᠶᠢᠮᠦ ᠠᠴᠠ ᠢᠳᠡᠰᠢᠨ ᠨᠣᠭᠤᠭ᠎ᠠ ᠨᠢ ᠴᠦ ᠵᠢᠮᠢᠰ ᠢ ᠣᠷᠣᠯᠠᠵᠤ ᠴᠢᠳᠠᠬᠤ ᠦᠭᠡᠢ ᠶᠤᠮ᠃ 

ᠢᠷᠡᠯᠳᠡ : 

 ᠤᠷᠳᠤᠰ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ