ᠰᠢᠨᠬᠤᠸᠠ ᠬᠤᠷᠢᠶ᠎ᠠ  ᠪᠡᠭᠡᠵᠢᠩ ᠤᠨ 4 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠸᠠᠩ ᠽᠢ ᠮᠢᠩ) ᠬᠤᠶᠠᠳᠠᠬᠢ ᠤᠳᠠᠭ᠎ᠠ ᠶᠢᠨ ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠠᠶᠢᠷ ᠵᠢᠴᠢ ᠠᠩᠬᠠᠳᠤᠭᠠᠷ ᠤᠳᠠᠭ᠎ᠠ ᠶᠢᠨ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠭᠦᠯᠡᠩ ᠡᠨᠡ ᠤᠨ ᠤ 9 ᠰᠠᠷ᠎ᠠ  ᠳᠤ ᠦᠪᠦᠷ ᠮᠤᠩᠭᠤᠯ ᠳᠤ ᠵᠤᠬᠢᠶᠠᠨ ᠪᠠᠶᠢᠭᠤᠯᠤᠬᠳᠠᠨ᠎ᠠ᠃

ᠳᠤᠮᠳᠠᠳᠤ ᠤᠯᠤᠰ ᠤᠨ ᠠᠳᠤᠭᠤᠨ ᠰᠤᠶᠤᠯ ᠤᠨ ᠨᠡᠶᠢᠭᠡᠮᠯᠢᠭ ᠤᠨ ᠳᠡᠳ᠋ ᠳᠠᠷᠤᠭ᠎ᠠ ᠼᠠᠢ ᠮᠸᠩ 17 ᠤ ᠡᠳᠦᠷ ᠵᠤᠬᠢᠶᠠᠨ ᠪᠠᠶᠢᠭᠤᠯᠤᠬᠳᠠᠬᠰᠠᠨ ᠬᠡᠪᠯᠡᠯ ᠮᠡᠳᠡᠭᠡᠯᠡᠯ ᠤᠨ ᠬᠤᠷᠠᠯ ᠤᠨ ᠦᠶ᠎ᠡ ᠪᠡᠷ ᠲᠠᠨᠢᠯᠴᠠᠭᠤᠯᠬᠤ ᠳᠠᠭᠠᠨ᠂ ᠨᠠᠶᠢᠷ ᠤᠨ ᠦᠶ᠎ᠡ ᠪᠡᠷ ᠳᠡᠯᠡᠬᠡᠢ ᠶᠢᠨ 40 ᠭᠠᠷᠤᠢ ᠤᠯᠤᠰ᠂ 10 ᠭᠠᠷᠤᠢ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠤᠨ ᠠᠯᠪᠠᠨ ᠤ ᠲᠦᠯᠦᠭᠡᠯᠡᠬᠦ ᠪᠠᠬ ᠢ ᠤᠷᠢᠵᠦ᠂ ᠬᠠᠮᠲᠤᠪᠡᠷ《ᠳᠤᠮᠳᠠᠳᠤ ᠤᠯᠤᠰ ᠤᠨ ᠠᠳᠤᠭᠤᠨ ᠰᠤᠶᠤᠯ ᠬᠢᠭᠡᠳ ᠳᠡᠯᠡᠬᠡᠢ ᠶᠢᠨ ᠠᠳᠤᠭᠤᠨ ᠤ ᠪᠤᠯᠪᠠᠰᠤᠨ》 ᠢᠶᠡᠷ ᠰᠡᠳᠦᠪᠯᠡᠭᠰᠡᠨ ᠳᠡᠯᠡᠬᠡᠢ ᠶᠢᠨ ᠠᠳᠤᠭᠤᠨ ᠰᠤᠶᠤᠯ ᠤᠨ ᠹᠤᠷᠦ᠋ᠮ ᠡᠷᠬᠢᠯᠡᠨ᠎ᠡ᠃ ᠡᠬᠦᠨ ᠤ ᠬᠠᠮᠲᠤ ᠠᠳᠤᠭᠤᠨ ᠰᠤᠶᠤᠯ ᠤᠨ ᠤᠯᠠᠨ ᠨᠡᠶᠢᠲᠡ ᠶᠢᠨ ᠯᠸᠺᠼᠢ ᠵᠡᠷᠭᠡ ᠠᠵᠢᠯᠯᠠᠭ᠎ᠠ ᠨᠤᠭᠤᠳ ᠢ ᠲᠤᠬᠢᠷᠠᠭᠤᠯᠤᠨ᠎ᠠ᠃ ᠪᠠᠰᠠ 2019 《ᠨᠢᠭᠡ ᠪᠦᠰᠡ ᠨᠢᠭᠡ ᠵᠠᠮ》ᠳᠤᠮᠳᠠᠳᠤ ᠤᠯᠤᠰ ᠤᠨ ᠬᠤᠷᠳᠤᠨ ᠮᠤᠷᠢᠨ ᠤ ᠤᠷᠤᠯᠳᠤᠭᠠᠨ᠂ 2019 ᠤᠨ ᠤ ᠤᠯᠠᠨ ᠤᠯᠤᠰ ᠤᠨ ᠮᠤᠷᠢᠨ ᠮᠡᠷᠭᠡᠵᠢᠯ ᠤᠨ ᠰᠢᠨᠳᠠᠰᠦ ᠰᠢᠯᠭᠠᠬᠤ ᠤᠷᠤᠯᠳᠤᠭᠠᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠳᠠᠭᠠᠭᠠᠴᠠ ᠰᠢᠯᠭᠠᠬᠤ ᠤᠷᠤᠯᠳᠤᠭᠠ ᠤ ᠰᠢᠢᠳᠪᠦᠷᠢᠲᠤ ᠤᠷᠤᠯᠳᠤᠭᠠᠨ ᠵᠡᠷᠭᠡ ᠵᠢ ᠵᠤᠬᠢᠶᠠᠨ ᠪᠠᠶᠢᠭᠤᠯᠤᠨ᠎ᠠ᠃

ᠨᠠᠶᠢᠷ ᠤᠨ ᠦᠶ᠎ᠡ ᠪᠡᠷ ᠪᠠᠰᠠ 《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》ᠭᠡᠬᠦ ᠲᠤᠮᠤ ᠤᠪᠤᠷ ᠤᠨ ᠵᠦᠴᠦᠭᠡ ᠪᠤᠯᠤᠨ《ᠮᠤᠷᠢᠲᠤ ᠴᠡᠷᠢᠭ》ᠭᠡᠬᠦ ᠦᠨᠳᠦᠰᠦᠲᠡᠨ ᠤ ᠵᠦᠴᠦᠭᠡ ᠵᠢ ᠰᠤᠨᠢᠷᠬᠠᠭᠤᠯᠵᠦ᠂ ᠠᠩᠬᠠᠳᠤᠭᠠᠷ ᠤᠳᠠᠭᠠᠨ ᠤ ᠤᠯᠠᠨ ᠤᠯᠤᠰ ᠤᠨ ᠮᠤᠷᠢᠨ ᠬᠤᠭᠤᠷ ᠤᠨ ᠳᠠᠭᠤᠤ ᠬᠦᠭᠵᠢᠮ ᠤᠨ ᠨᠠᠶᠢᠷ ᠵᠡᠷᠭᠡ ᠵᠢ ᠲᠤᠬᠯᠠᠭᠤᠯᠤᠨ᠂ ᠬᠦᠮᠦᠨ ᠬᠢᠭᠡᠳ ᠮᠤᠷᠢ᠂ ᠬᠦᠮᠦᠨ ᠬᠢᠭᠡᠳ ᠲᠠᠯ᠎ᠠ ᠨᠤᠲᠤᠬ ᠤᠨ ᠡᠶ᠎ᠡ ᠵᠤᠬᠢᠴᠠᠯᠲᠠᠢ ᠤᠷᠤᠰᠢᠬᠤ ᠵᠢ ᠤᠷᠠᠯᠢᠬ ᠤᠨ ᠲᠠᠶᠢᠰᠠᠨ᠎ᠠ ᠠᠮᠢᠳᠤᠯᠢᠬ ᠬᠠᠷᠠᠭᠤᠯᠬᠤ ᠪᠡᠷ ᠪᠤᠢ᠃

ᠢᠷᠡᠯᠳᠡ : 

ᠰᠢᠨᠬᠤᠸᠠ ᠬᠤᠷᠢᠶ᠎ᠠ     

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ