4962aa61-27a8-4b1c-9394-092e175c861e.jpg

《ᠬᠠᠳᠠ ᠵᠠᠮ ᠪᠠᠭ᠎ᠠ ᠰᠤᠷᠭᠠᠭᠤᠯᠢ ᠴᠢᠷᠮᠠᠶᠢᠭᠠᠷᠠᠢ︕》᠂《ᠬᠠᠳᠠ ᠵᠠᠮ ᠪᠠᠭ᠎ᠠ ᠰᠤᠷᠭᠠᠭᠤᠯᠢ ᠵᠠᠪᠠᠯ ᠢᠯᠠᠨ᠎ᠠ︕》 ᠁ ᠬᠡᠬᠦ ᠪᠢᠴᠢᠬᠠᠨ ᠰᠤᠷᠤᠬᠴᠢᠳ ᠤᠨ ᠤᠤᠬᠠᠢᠢᠯᠠᠨ ᠬᠠᠰᠬᠢᠷᠬᠤ ᠲᠠᠭᠤᠨ ᠪᠤᠭᠤᠳᠤ ᠬᠤᠳᠠ ᠶᠢᠨ ᠴᠢᠩᠱᠠᠨ ᠲᠤᠭᠤᠷᠢᠬ ᠤᠨ ᠬᠠᠳᠠ ᠵᠠᠮ ᠪᠠᠭ᠎ᠠ ᠰᠤᠷᠭᠠᠭᠤᠯᠢ ᠶᠢᠨ ᠬᠥᠷᠢᠶᠠᠨ ᠳᠤ ᠴᠤᠤᠷᠢᠶᠠᠳᠤᠨ ᠪᠡᠶᠡᠷ ᠪᠠᠶᠠᠰᠤᠯ ᠡᠷᠴᠢ ᠬᠥᠴᠤᠨ ᠢᠶᠠᠷ ᠪᠢᠯᠬᠠᠨ᠎ᠠ᠃ 

ᠥᠢᠷ᠎ᠠ ᠳᠤ᠂ ᠪᠤᠭᠤᠳᠤ ᠬᠤᠳᠠ ᠶᠢᠨ ᠴᠢᠩᠱᠠᠨ ᠲᠤᠭᠤᠷᠢᠬ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠲᠤᠬᠳᠠᠬᠰᠠᠨ ᠶᠤᠰᠤᠭᠠᠷ ᠬᠠᠳᠠ ᠵᠠᠮ ᠪᠠᠭ᠎ᠠ ᠰᠤᠷᠭᠠᠭᠤᠯᠢ ᠪᠠᠷ ᠭᠤᠤᠯ ᠲᠠᠯᠠᠪᠠᠢ ᠪᠤᠯᠭᠠᠵᠤ᠂ ᠲᠤᠰ ᠰᠤᠷᠭᠠᠭᠤᠯᠢ ᠶᠢᠨ ᠪᠢᠴᠢᠬᠠᠨ ᠲᠠᠮᠢᠷᠴᠢᠳ ᠬᠢᠭᠡᠳ ᠤᠮᠠᠷᠠᠳᠤ ᠶᠢᠨ ᠬᠥᠨᠳᠤ ᠠᠵᠤ ᠥᠢᠯᠡᠳᠪᠤᠷᠢ ᠶᠢᠨ ᠪᠥᠯᠥᠭᠯᠡᠯ ᠤᠨ ᠬᠢᠵᠠᠭᠠᠷᠳᠤ ᠺᠤᠮᠫᠠᠨᠢ ᠶᠢᠨ ᠨᠢᠬᠡᠳᠤᠭᠡᠷ ᠪᠠᠭ᠎ᠠ ᠰᠤᠷᠭᠠᠭᠤᠯᠢ ᠶᠢᠨ ᠪᠢᠴᠢᠬᠠᠨ ᠬᠥᠯ ᠪᠥᠮᠪᠥᠭᠡᠴᠢᠳ ᠤᠷ᠎ᠠ ᠠᠪᠢᠶᠠᠰ ᠢᠶᠠᠨ ᠮᠥᠴᠡᠭᠡᠷᠭᠡᠪᠡ᠃ ᠪᠢᠴᠢᠬᠠᠨ ᠲᠠᠮᠢᠷᠴᠢᠳ ᠤᠨ ᠥᠷᠢᠰᠥᠯᠳᠤᠭᠡᠨ ᠨᠡᠷᠬᠢᠶᠡᠨ ᠪᠢᠯᠬᠠᠭᠰᠠᠨ ᠤᠷᠤᠯᠳᠤᠭᠠᠨ ᠢᠳᠡ ᠬᠥᠭ ᠲᠠᠢ ᠶᠠᠪᠤᠬᠳᠠᠵᠥ᠂ ᠪᠢᠴᠢᠬᠠᠨ ᠲᠠᠮᠢᠷᠴᠢᠳ ᠤᠨ ᠤᠳᠠᠭ᠎ᠠ ᠲᠠᠷᠠᠭᠠᠯᠠᠭᠰᠠᠨ ᠭᠤᠴᠤ ᠰᠠᠶᠢᠬᠠᠨ ᠪᠦᠮᠪᠦᠭᠡ ᠲᠠᠮᠵᠢᠭᠤᠯᠬᠤ ᠪᠠ ᠰᠤᠮᠤᠳᠠᠬᠤ ᠬᠥᠳᠡᠯᠤᠯ ᠨᠢ ᠦᠵᠡᠭᠴᠢᠳ ᠪᠤᠯᠵᠤ ᠬᠤᠷᠠᠨ ᠴᠤᠬᠯᠠᠷᠠᠬᠰᠠᠨ ᠰᠤᠷᠤᠭᠴᠢᠳ ᠤᠨ ᠬᠠᠯᠠᠭᠤᠨ ᠠᠯᠠᠭ᠎ᠠ ᠳᠠᠰᠢᠯᠲᠠ ᠪᠠ ᠤᠤᠬᠠᠢᠢᠯᠠᠯ ᠢ ᠪᠠᠶᠢᠨ ᠪᠠᠶᠢᠨ ᠬᠦᠭᠵᠢᠭᠡᠵᠦ ᠪᠠᠶᠢᠯ᠎ᠠ᠃

c9bb6b0e-e827-4a54-b136-7ccbd1ae844e.jpg

ᠤᠷᠤᠯᠳᠤᠭᠠᠨ ᠤ ᠡᠬᠢᠨ ᠳᠤ ᠬᠤᠶᠠᠷ ᠠᠩᠭᠢ ᠶᠢᠨ ᠪᠢᠴᠢᠬᠠᠨ ᠲᠠᠮᠢᠷᠴᠢᠳ ᠪᠦᠮᠪᠦᠭᠡ ᠡᠵᠡᠮᠳᠡᠬᠦ ᠪᠠᠷ ᠪᠤᠯᠢᠶᠠᠯᠳᠤᠨ ᠦᠷᠢᠰᠦᠯᠳᠦᠵᠦ᠂ ᠬᠥᠯ ᠪᠥᠮᠪᠦᠭᠡ ᠶᠢ ᠡᠵᠡᠮᠳᠡᠭᠰᠡᠨ ᠨᠢᠭᠡ ᠨᠢ ᠡᠰᠡᠷᠬᠦ ᠠᠩᠭᠢ ᠶᠢᠨ ᠲᠠᠮᠢᠷᠴᠢᠨ ᠳᠤ ᠵᠠᠪᠰᠢᠶᠠᠨ ᠥᠭᠬᠦ ᠥᠬᠡᠢ ᠪᠠᠶᠢᠵᠤ᠂ ᠵᠠᠷᠢᠮ ᠪᠢᠴᠢᠬᠠᠨ ᠲᠠᠮᠢᠷᠴᠢᠨ ᠤ ᠪᠦᠮᠪᠦᠭᠡ ᠶᠢᠨ《ᠮᠡᠭᠡ》 ᠭᠠᠷᠭᠠᠨ ᠪᠦᠮᠪᠦᠭᠡ ᠲᠠᠮᠵᠢᠭᠤᠯᠬᠤ ᠨᠢ ᠬᠠᠰᠢᠷ ᠪᠥᠮᠪᠥᠬᠡᠴᠢᠨ ᠰᠢᠭ ᠬᠠᠪᠤᠯᠢᠭ ᠬᠠᠷᠠᠬᠳᠠᠵᠥ ᠪᠠᠶᠢᠯ᠎ᠠ᠃ ᠬᠤᠶᠠᠷ ᠠᠩᠭᠢ ᠶᠢᠨ ᠲᠠᠮᠢᠷᠴᠢᠳ ᠤᠨ ᠬᠥᠴᠥᠨ ᠲᠡᠩᠴᠠᠬᠦᠷᠢᠰᠢᠨ 10 ᠭᠠᠷᠤᠢ ᠮᠢᠨᠦ᠋ᠲ ᠪᠤᠯᠬᠤ ᠥᠶᠡᠰ᠂ ᠬᠠᠳᠠ ᠵᠠᠮ ᠪᠠᠭ᠎ᠠ ᠰᠤᠷᠭᠠᠭᠤᠯᠢ ᠶᠢᠨ ᠬᠢᠨ ᠡᠰᠡᠷᠬᠦ ᠡᠳᠡᠭᠡᠳ ᠤᠨ ᠢᠶᠠᠨ ᠬᠤᠷᠢᠬᠯᠠᠯᠲᠠ ᠰᠤᠯᠠ ᠪᠠᠶᠢᠬᠰᠠᠨ ᠵᠠᠪᠰᠢᠶᠠᠨ ᠢ ᠠᠮᠵᠢᠭᠤᠯᠤᠨ 1 ᠪᠥᠮᠪᠦᠭᠡ ᠢᠰᠬᠦᠯᠥᠡ ᠤᠷᠤᠭᠤᠯᠪᠠ᠃ ᠢᠩᠬᠢᠭᠡᠳ ᠡᠳᠡᠨ ᠤ ᠢᠳᠡᠭᠡᠯ ᠵᠤᠷᠢᠬ ᠨᠢ ᠨᠡᠮᠡᠭᠳᠡᠨ ᠥᠷᠢᠰᠥᠯᠳᠤᠬᠦ ᠲᠤᠳᠤᠮ ᠴᠢᠩᠭᠠᠷᠠᠵᠥ᠂ ᠤᠷᠤᠯᠳᠤᠭᠠᠨ ᠲᠡᠭᠤᠰᠳᠠᠯ᠎ᠠ 8᠄ 0 ᠤᠨ ᠬᠠᠷᠢᠴᠠᠯ ᠢᠶᠠᠷ ᠡᠰᠡᠷᠬᠦ ᠡᠳᠡᠭᠳ ᠢᠶᠠᠨ ᠢᠯᠡᠪᠡ᠃ ᠵᠤᠤ ᠵᠧᠨ ᠢᠤᠢ ᠪᠤᠯ ᠬᠠᠳᠠ ᠵᠠᠮ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢᠨ ᠠᠷᠤ ᠲᠠᠯ᠎ᠠ ᠶᠢᠨ ᠬᠠᠮᠠᠭᠠᠯᠠᠬᠴᠢ᠃ ᠤᠷᠤᠯᠳᠤᠭᠠᠨ ᠳᠤ ᠢᠯᠠᠬᠰᠠᠨ ᠳᠠᠭᠠᠨ ᠲᠡᠷᠡ ᠲᠤᠩ ᠪᠠᠶᠠᠷᠯᠠᠨ᠄《ᠪᠢ ᠬᠥᠯ ᠪᠥᠮᠪᠥᠬᠡᠨ ᠳᠤ ᠲᠤᠩ ᠪᠠᠭ᠋ᠠᠲᠠᠢ᠂ ᠬᠠᠶᠢᠷᠠᠲᠠᠢ︕ ᠬᠥᠯ ᠪᠥᠮᠪᠦᠭᠡ ᠨᠠᠳᠠ ᠳᠤ ᠡᠷᠡᠬᠦᠯ ᠴᠠᠬᠢᠷᠠᠬ ᠪᠡᠶ᠎ᠠ ᠮᠠᠬᠠᠪᠤᠳ ᠤᠯᠭᠤᠭᠰᠠᠨ ᠢᠶᠠᠷ ᠥᠯᠥ ᠪᠠᠷᠠᠮ᠂ ᠨᠠᠩ ᠤᠯᠠᠨ ᠪᠢᠴᠢᠬᠠᠨ ᠨᠠᠶᠢᠵᠠ ᠨᠡᠷ ᠲᠠᠢ ᠲᠠᠨᠢᠯᠴᠠᠬᠤ ᠠᠵᠠ ᠲᠤᠬᠢᠶᠠᠯ ᠢ ᠤᠯᠭᠤᠬᠰᠠᠨ ᠰᠢᠦ︕》 ᠬᠡᠵᠥ ᠰᠡᠳᠬᠢᠯ ᠬᠥᠭᠰᠡᠨ ᠬᠡᠯᠡᠨ᠎ᠡ᠃

2019 ᠤᠨ ᠤ ᠥᠪᠡᠷᠳᠡᠭᠡᠨ ᠵᠠᠰᠬᠠᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠦᠯ ᠪᠥᠮᠪᠦᠭᠡ ᠶᠢᠨ ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠢ ᠥᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠠᠵᠢᠯ ᠤᠨ ᠤᠳᠤᠷᠢᠳᠬᠤ ᠲᠤᠭᠤᠢᠢᠯᠠᠩ ᠭᠤᠤᠯᠯᠠᠨ ᠡᠷᠬᠢᠯᠡᠵᠥ᠂ ᠡᠯ᠎ᠠ ᠭᠠᠵᠠᠷ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠠᠯᠪᠠᠨ ᠭᠡᠷ ᠪᠠ ᠬᠥᠯ ᠪᠥᠮᠪᠦᠭᠡ ᠶᠢᠨ ᠰᠤᠪᠠᠬ ᠲᠠᠭᠠᠭᠠᠴᠢᠯᠠᠨ ᠡᠷᠬᠢᠯᠡᠵᠥ᠂ 3 ᠰᠠᠷ᠎ᠠ ᠶᠢᠨ 1 ᠤ ᠡᠳᠤᠷ ᠠᠴᠠ ᠤᠷᠤᠯᠳᠤᠭᠠᠨ ᠢᠶᠠᠨ ᠡᠬᠢᠯᠡᠬᠦᠯᠥᠭᠰᠡᠨ ᠪᠠᠶᠢᠨ᠎ᠠ᠃ ᠨᠡᠶᠢᠳᠠ 20 ᠤᠷᠤᠯᠳᠤᠭᠠᠨ ᠤ ᠲᠤᠭᠤᠷᠢᠬ ᠲᠤᠬᠢᠷᠠᠭᠤᠯᠵᠥ᠂ ᠪᠠᠭ᠎ᠠ ᠰᠤᠷᠭᠠᠭᠤᠯᠢ ᠶᠢᠨ ᠲᠤᠭᠤᠢᠢᠯᠠᠩ᠂ ᠲᠤᠮᠳᠠᠳᠤ ᠰᠤᠷᠭᠠᠭᠤᠯᠢ ᠶᠢᠨ ᠲᠤᠭᠤᠢᠢᠯᠠᠩ᠂ ᠥᠨᠳᠤᠷ ᠵᠡᠷᠭᠡ ᠶᠢᠨ ᠠᠵᠢᠯ ᠮᠡᠷᠭᠡᠵᠢᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠤᠭᠤᠢᠢᠯᠠᠩ ᠵᠡᠷᠭᠡ 3 ᠥᠷᠢᠰᠥᠯᠳᠥᠭᠡᠨᠳᠤ ᠤᠷᠤᠯᠳᠤᠭᠠᠨ ᠤ ᠲᠤᠭᠤᠢᠢᠯᠠᠩ ᠬᠤᠪᠢᠶᠠᠨ ᠶᠠᠪᠤᠬᠳᠠᠭᠤᠯᠵᠥ ᠪᠤᠢ᠃

4021ae46-6af4-4522-9a22-e38a6ea28b31.jpg

ᠥᠢᠯᠠᠭᠠᠬᠰᠠᠨ ᠢᠶᠠᠷ᠂ ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠨᠢ ᠰᠤᠷᠤᠬᠴᠢᠳ ᠤᠨ ᠶᠤᠰᠤ ᠮᠤᠷᠠᠯ᠂ ᠤᠶᠤᠨ ᠤᠬᠠᠭᠠᠨ᠂ ᠪᠡᠶ᠎ᠠ ᠮᠠᠬᠠᠪᠤᠳ᠂ ᠭᠤᠸ᠎ᠠ ᠰᠠᠶᠢᠬᠠᠨ᠂ ᠬᠥᠳᠡᠯᠮᠥᠷᠢ ᠵᠡᠷᠭᠡ ᠪᠥᠬᠦ ᠲᠠᠯ᠎ᠠ ᠶᠢᠨ ᠬᠥᠭᠵᠢᠯᠳᠠ ᠶᠢ ᠰᠢᠨᠵᠢᠯᠡᠬᠦ ᠤᠬᠠᠭᠠᠨᠴᠢ ᠪᠠᠷ ᠥᠢᠯᠡᠳᠥᠯᠭᠡᠵᠢᠬᠦᠯᠥᠭᠰᠡᠨ ᠢᠶᠠᠷ ᠥᠯᠥ ᠪᠠᠷᠠᠮ᠂ ᠮᠠᠨ ᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠷᠤᠯᠳᠤᠭᠠᠨ ᠤ ᠲᠥᠷᠥᠯ ᠤᠨ ᠰᠤᠷᠢᠭ᠎ᠠ ᠪᠤᠯᠪᠠᠰᠤᠷᠠᠯ ᠳᠤ ᠲᠠᠪᠤ ᠶᠢ ᠨᠢᠬᠡ ᠴᠤᠬᠴᠠᠵᠢᠭᠤᠯᠬᠤ ᠠᠵᠢᠯ ᠤᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠤ ᠪᠤᠢ᠃ ᠪᠥᠬᠦ᠋ᠢᠯᠠ ᠤᠷᠤᠯᠳᠤᠭᠠᠨ ᠨᠢ《ᠪᠡᠶᠡᠷ ᠪᠠᠶᠠᠰᠤᠯᠳᠤ ᠬᠥᠯ ᠪᠥᠮᠪᠦᠭᠡ᠂ ᠮᠢᠨᠥ ᠭᠤᠤᠯ ᠲᠡᠯᠡᠪᠡᠢ ᠶᠢᠨ ᠤᠷᠤᠯᠳᠤᠭᠠᠨ》 ᠢᠶᠠᠷ ᠭᠤᠤᠯ ᠰᠡᠳᠤᠪ ᠪᠤᠯᠭᠠᠵᠥ᠂ ᠭᠠᠷᠠᠬ ᠤᠨ ᠰᠡᠬᠦᠯᠴᠢ ᠪᠠ ᠰᠤᠷᠭᠠᠭᠤᠯᠢ ᠶᠢᠨ ᠬᠥᠷᠢᠶᠠᠨ ᠤ ᠴᠢᠯᠥᠭᠡᠳᠤ ᠴᠠᠬ ᠢ ᠠᠰᠢᠬᠯᠠᠨ᠂ ᠤᠯᠠᠨ ᠢᠶᠠᠷ ᠢᠶᠠᠨ ᠤᠷᠤᠯᠴᠠᠬᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠭᠤᠤᠯ ᠲᠠᠯᠠᠪᠠᠢ ᠶᠢᠨ ᠰᠤᠶᠤᠯ ᠢ ᠲᠡᠯᠭᠡᠷᠡᠬᠦᠯᠵᠥ᠂ ᠨᠠᠩ ᠥᠷᠭᠡᠨ ᠬᠡᠪᠴᠢᠶ᠎ᠠ᠂ ᠨᠡᠩ ᠬᠥᠨ ᠲᠠᠪᠬᠤᠷᠭ᠎ᠠ ᠪᠥᠬᠦᠢ ᠤᠷᠤᠯᠳᠤᠭᠠᠨ ᠤ ᠲᠥᠷᠥᠯ ᠵᠦᠢᠯ ᠢ ᠴᠤᠬᠴᠠᠯᠠᠵᠥ᠂ ᠦᠷᠢᠰᠥᠯᠳᠥᠭᠡᠨᠳᠤ ᠤᠷᠤᠯᠳᠤᠭᠠᠨ ᠤ ᠲᠠᠪᠳᠠᠮᠵᠢ ᠶᠢ ᠨᠠᠩ ᠥᠨᠳᠤᠷ᠂ ᠠᠭᠤᠰᠤᠯᠴᠠᠯ ᠤᠨ ᠡᠯᠧᠮᠧᠨ᠋ᠲ ᠢ ᠨᠠᠩ ᠤᠯᠠᠰᠢᠷᠡᠭᠤᠯᠵᠥ᠂ ᠰᠤᠷᠭᠠᠭᠤᠯᠢ ᠶᠢᠨ ᠬᠥᠷᠢᠶᠠᠨ ᠳᠤ ᠨᠡᠩ ᠢᠯᠡᠭᠦᠦ ᠠᠮᠢᠵᠢᠷᠠᠯ ᠤᠨ ᠬᠥᠴᠥᠨ ᠪᠢᠯᠬᠠᠭᠤᠯᠬᠤ ᠬᠤᠯᠪᠤᠭᠠᠳᠤ ᠤᠷᠤᠯᠳᠤᠭᠠᠨ ᠤ ᠲᠤᠬᠳᠠᠴᠠ ᠪᠠ ᠬᠤᠯᠪᠤᠭᠠᠳᠤ ᠤᠷᠤᠯᠳᠤᠭᠠᠨ ᠤ ᠰᠤᠶᠤᠯ ᠤᠨ ᠰᠢᠰᠲ᠋ᠧᠮ ᠢ ᠪᠥᠷᠢᠨᠰᠢᠬᠦᠯᠥᠨ ᠲᠡᠬᠦᠯᠳᠡᠷᠵᠢᠬᠦᠯᠪᠠ︔ ᠮᠠᠨ ᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠭᠡᠮᠡᠯᠵᠢᠬᠦᠯᠥᠯᠳᠠ ᠶᠢᠨ ᠥᠷ᠎ᠠ ᠪᠥᠳᠥᠮᠵᠢ ᠶᠢ ᠪᠠᠳᠤᠳᠬᠠᠵᠥ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠠᠵᠢᠯ ᠥᠢᠯᠡᠰ ᠤᠨ ᠴᠢᠨᠠᠷ ᠰᠠᠶᠢᠳᠠᠢ ᠬᠥᠭᠵᠢᠯᠳᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠥ᠂ ᠨᠠᠩ ᠤᠯᠠᠨ ᠵᠠᠯᠠᠭᠤᠴᠤᠳ ᠪᠠᠭᠠᠴᠤᠳ ᠲᠤ ᠪᠡᠶ᠎ᠠ ᠶᠢᠨ ᠲᠠᠮᠢᠷ ᠤᠨ ᠪᠤᠯᠪᠠᠰᠤᠷᠠᠯ ᠤᠨ ᠪᠡᠶᠡᠷ ᠪᠠᠶᠠᠰᠤᠯ ᠢ ᠡᠳ᠋ᠯᠡᠭᠦᠯᠵᠥ᠂ ᠪᠡᠶ᠎ᠠ ᠮᠠᠬᠠᠪᠤᠳ ᠢ ᠨᠢ ᠴᠢᠬᠢᠷᠠᠬᠵᠢᠭᠤᠯᠤᠨ᠂ ᠡᠷᠴᠢ ᠵᠤᠷᠢᠬ ᠢ ᠨᠢ ᠲᠡᠪᠳᠠᠨ ᠪᠤᠯᠪᠠᠰᠤᠷᠠᠭᠤᠯᠵᠥ᠂ ᠬᠥᠯ ᠪᠥᠮᠪᠦᠭᠡ ᠶᠢ ᠰᠤᠷᠤᠬᠴᠢᠳ ᠤᠨ ᠡᠳᠤᠷ ᠲᠤᠳᠤᠮ ᠤᠨ ᠠᠮᠢᠳᠤᠷᠠᠯ ᠳᠤ ᠠᠭᠤᠰᠬᠠᠵᠥ ᠪᠤᠢ᠃

《ᠬᠥᠯ ᠪᠥᠮᠪᠦᠭᠡ ᠶᠢᠨ ᠪᠢᠴᠢᠬᠠᠨ ᠲᠠᠮᠢᠷᠴᠢᠳ ᠤᠨ ᠤᠷᠤᠯᠳᠤᠭᠠᠨ ᠪᠤᠯᠭᠠᠨ ᠢ ᠪᠥᠷ ᠠᠬᠤᠢ ᠲᠠᠯᠠᠪᠠᠢ ᠳᠤᠨᠢ ᠤᠴᠢᠵᠤ ᠦᠵᠡᠨ ᠤᠷᠮ᠎ᠠ ᠬᠠᠶᠢᠷᠠᠯᠠᠳᠠᠬ᠂ ᠬᠡᠤᠬᠡᠳ ᠤᠳ ᠤᠨ ᠬᠥᠯ ᠪᠥᠮᠪᠦᠭᠡ ᠲᠠᠢ ᠬᠠᠮᠳᠤ ᠥᠰᠤᠨ ᠪᠤᠶᠢᠵᠢᠭ᠎ᠠ ᠴᠠᠬ ᠮᠥᠴᠠ ᠶᠢ ᠨᠠᠷᠢᠯᠢᠬ ᠲᠡᠮᠳᠡᠭᠯᠡᠵᠥ᠂ ᠲᠠᠳᠠᠨ ᠲᠠᠢ ᠬᠠᠮᠳᠤ ᠬᠥᠯ ᠪᠥᠮᠪᠦᠭᠡ ᠶᠢᠨ ᠬᠠᠪᠤ ᠴᠡᠩᠭᠡᠯ ᠢ ᠡᠳ᠋ᠯᠡᠳᠡᠭ ᠡ》 ᠬᠡᠵᠥ ᠬᠠᠳᠠ ᠵᠠᠮ ᠪᠠᠭ᠎ᠠ ᠰᠤᠷᠭᠠᠭᠤᠯᠢ ᠶᠢᠨ ᠵᠠᠬᠢᠷᠤᠯ ᠼᠤᠤ ᠳ᠋ᠸᠤ ᠵᠢᠶᠧ ᠬᠡᠯᠡᠨ᠎ᠠ᠃ ᠲᠡᠬᠦᠨ ᠤ ᠥᠵᠡᠬᠦ ᠪᠠᠷ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠠᠮᠢᠷ ᠤᠨ ᠬᠥᠳᠡᠯᠭᠡᠭᠡᠨ ᠨᠢ ᠪᠡᠶ᠎ᠠ ᠮᠠᠬᠠᠪᠤᠳ ᠢᠶᠠᠨ ᠪᠤᠯᠪᠠᠰᠤᠷᠠᠭᠤᠯᠬᠤ ᠥᠨ᠎ᠠ ᠥᠷᠳᠡᠭ ᠢᠶᠠᠷ ᠥᠨᠳᠤᠷ᠂ ᠨᠡᠶᠢᠲᠡᠴᠢ ᠥᠵᠡᠯ ᠢᠶᠠᠷ ᠴᠢᠩᠭ᠎ᠠ ᠵᠡᠷᠭᠡ ᠤᠨᠴᠠᠯᠢᠬ ᠲᠠᠢ ᠪᠠᠶᠢᠳᠠᠬ ᠪᠥ᠋ᠬᠡᠳ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠵᠢᠭᠠᠨ ᠰᠤᠷᠭᠠᠯᠲᠠ ᠶᠢᠨ ᠴᠢᠬᠤᠯᠠ ᠪᠥᠷᠢᠯᠳᠥᠬᠦᠨ ᠬᠡᠰᠡᠭ᠂ ᠮᠥᠨ ᠴᠤ ᠬᠥᠯ ᠪᠥᠮᠪᠦᠭᠡ ᠶᠢᠨ ᠠᠵᠢᠯ ᠦᠢᠯᠡᠰ ᠤᠨ ᠬᠥᠭᠵᠢᠯᠳᠠ ᠶᠢᠨ ᠴᠢᠬᠤᠯᠠ ᠰᠠᠭᠤᠷᠢ ᠪᠤᠯᠤᠨ᠎ᠠ᠃ ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠭᠡᠬᠦ ᠡᠨᠡ ᠬᠦ ᠰᠢᠨ᠎ᠠ ᠤᠷᠤᠯᠳᠤᠭᠠᠨ ᠤ ᠲᠥᠷᠥᠯ ᠨᠢ ᠬᠡᠤᠬᠡᠳ ᠪᠠᠭᠠᠴᠤᠳ ᠲᠤ ᠰᠤᠷᠭᠠᠭᠤᠯᠢ ᠶᠢᠨ ᠬᠥᠷᠢᠶᠠᠨ ᠳᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠭᠰᠠᠨ ᠢᠶᠠᠷ ᠥᠯᠥ ᠪᠠᠷᠠᠮ᠂ ᠬᠥᠯ ᠪᠥᠮᠪᠦᠭᠡ ᠶᠢᠨ ᠰᠤᠶᠤᠯ ᠢ ᠰᠤᠷᠭᠠᠭᠤᠯᠢ ᠶᠢᠨ ᠬᠥᠷᠢᠶᠠᠨ ᠳᠤ ᠨᠡᠪᠴᠢᠬᠦᠯᠥᠭᠰᠡᠨ ᠶᠠᠪᠤᠳᠠᠯ ᠪᠤᠯᠬᠤ ᠶᠤᠮ᠃ ᠪᠢᠳᠠ ᠬᠥᠯ ᠪᠥᠮᠪᠦᠭᠡ ᠶᠢᠨ ᠵᠤᠷᠢᠬ ᠰᠠᠨᠠᠭ᠎ᠠ ᠶᠢ ᠶᠤᠰᠤ ᠮᠤᠷᠠᠯ᠂ ᠪᠡᠶ᠎ᠠ ᠶᠢᠨ ᠲᠠᠮᠢᠷ ᠤᠨ ᠬᠢᠴᠢᠶᠡᠯ ᠬᠥᠮᠥᠵᠢᠯ ᠳᠤ ᠠᠭᠤᠰᠤᠯᠴᠠᠭᠤᠯᠵᠥ᠂ ᠬᠡᠤᠬᠡᠳ ᠪᠠᠭᠠᠴᠤᠳ ᠲᠤ ᠳᠡᠰᠪᠤᠷᠢ ᠬᠠᠳᠠᠭᠤᠵᠢᠯᠲᠠᠢ ᠲᠡᠮᠡᠴᠡᠬᠦ ᠪᠠ ᠪᠥᠯᠬᠦᠮᠳᠡᠨ ᠬᠠᠪᠰᠤᠷᠤᠯᠴᠠᠬᠤ ᠶᠢᠨ ᠠᠴᠢ ᠬᠤᠯᠪᠤᠭᠲᠠᠯ ᠢ ᠥ ᠵᠯᠡᠭᠠᠭᠤᠯᠤᠨ᠎ᠠ᠃ ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠤ ᠶᠠᠪᠤᠴᠠ ᠳᠤ ᠬᠡᠤᠬᠡᠳ ᠤᠳ ᠨᠠᠩ ᠤᠯᠠᠨ ᠵᠦᠢᠯ ᠢ ᠥᠢᠯᠠᠭᠠᠨ ᠮᠡᠳᠡᠷᠡᠬᠦ ᠨᠢ ᠳᠠᠮᠵᠢᠭ ᠦᠭᠡᠢ ᠬᠡᠵᠡᠢ᠃(ᠦᠷᠭᠡᠨ)

3fab329a-0f2c-42da-bc5e-2314a0169eb0.jpg

fff5d1c5-30c2-43cd-a48d-63ac43212e43.jpg

f3c8160f-cc5e-4232-9cb0-f53503760079.jpg

b30ecf09-fa80-485b-9a51-dec8e6a15167.jpg

f249db7d-6d1e-48b2-8064-540f23acac98.jpg

d2a5ea83-49a8-4481-b6de-31a3ce050c38.jpg

322faa37-72c2-40e8-9828-52e4173b2357.jpg

f97e08de-c37e-4d40-980a-6a8ff4220577.jpg

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ