ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠨᠳᠤ ᠦᠷᠢᠰᠦᠯᠳᠦᠬᠡᠨ ᠤ ᠪᠡᠶ᠎ᠡ ᠶᠢᠨ ᠳᠠᠮᠢᠷ ᠤᠨ ᠬᠠᠮᠢᠶᠠᠷᠤᠯᠳᠠ ᠶᠢᠨ ᠲᠦᠪ ᠡᠴᠡ ᠤᠶᠢᠯᠠᠭᠠᠭᠰᠠᠨ ᠢᠶᠡᠷ 2019 ᠤᠨ ᠤ ᠲᠡᠯᠡᠬᠡᠢ ᠶᠢᠨ ᠵᠢᠤᠳᠤᠤ ᠪᠦᠬᠡ ᠶᠢᠨ ᠱᠠᠩᠨᠠᠯᠳᠤ ᠲᠡᠮᠡᠴᠡᠬᠡᠨ 5 ᠰᠠᠷ᠎ᠠ ᠶᠢᠨ 24 – 26 ᠤ ᠡᠳᠤᠷ ᠪᠤᠯᠳᠠᠯ᠎ᠠ ᠬᠦᠬᠡᠬᠤᠳᠠ ᠳᠤ ᠵᠤᠬᠢᠶᠠᠨ ᠪᠠᠶᠢᠭᠤᠯᠤᠭᠳᠠᠨ᠎ᠠ᠃

ᠲᠤᠰ ᠤᠳᠠᠭᠠᠨ ᠤ ᠲᠡᠮᠡᠴᠡᠬᠡᠨ ᠨᠢ 2020 ᠤᠨ ᠤ ᠲᠤᠤᠺᠢᠣ᠋ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠤ ᠬᠤᠪᠢ ᠤᠯᠬᠤ ᠲᠡᠮᠡᠴᠡᠬᠡᠨ ᠪᠤᠯᠬᠤ ᠪᠦᠬᠡᠳ ᠵᠢᠤᠳᠤᠤ ᠪᠦᠬᠡ ᠶᠢᠨ ᠤᠯᠠᠨ ᠤᠯᠤᠰ ᠤᠨ ᠬᠠᠮᠤᠭ ᠤᠨ ᠲᠡᠭᠡᠳᠤ ᠵᠡᠷᠬᠡᠯᠡᠯ ᠤᠨ ᠲᠡᠮᠡᠴᠡᠬᠡᠨ ᠪᠤᠯᠤᠨ᠎ᠠ᠃ ᠲᠤᠬᠠᠢ ᠶᠢᠨ ᠴᠠᠭ ᠲᠤ 40 ᠭᠠᠷᠤᠢ ᠤᠯᠤᠰ ᠪᠤᠯᠤᠨ ᠭᠠᠵᠠᠷ ᠤᠷᠤᠨ ᠤ 400 ᠭᠠᠷᠤᠢ ᠲᠠᠮᠢᠷᠴᠢᠨ ᠲᠡᠮᠡᠴᠡᠬᠡᠨ ᠳᠤ ᠤᠷᠤᠯᠴᠠᠨ᠎ᠠ᠂ ᠡᠬᠦᠨ ᠳᠤ ᠲᠤᠮᠳᠠᠳᠤ ᠤᠯᠤᠰ ᠤᠨ ᠪᠠᠭ ᠡᠴᠡ ᠨᠡᠶᠢᠳᠡ 56 ᠲᠠᠮᠢᠷᠴᠢᠨ ᠦᠷᠢᠰᠦᠯᠳᠤᠨ᠎ᠡ᠃

ᠲᠤᠰ ᠤᠳᠠᠭᠠᠨ ᠤ ᠲᠡᠮᠡᠴᠡᠬᠡᠨ ᠢ ᠤᠯᠠᠨ ᠤᠯᠤᠰ ᠤᠨ ᠵᠢᠤᠳᠤᠤ ᠪᠦᠬᠡ ᠶᠢᠨ ᠬᠤᠯᠪᠤᠭᠠᠳᠤ ᠬᠤᠷᠠᠯ ᠤᠨ ᠵᠦᠪᠰᠢᠶᠡᠷᠡᠯ ᠢᠶᠡᠷ ᠲᠤᠮᠳᠠᠤ ᠤᠯᠤᠰ ᠤᠨ ᠵᠢᠤᠳᠤᠤ ᠪᠦᠬᠡ ᠶᠢᠨ ᠨᠡᠶᠢᠬᠡᠮᠯᠢᠭ᠌᠌ ᠡᠷᠬᠢᠯᠡᠵᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠡᠶ᠎ᠠ ᠢᠢᠨ ᠲᠠᠮᠢᠷ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠬᠦ ᠪᠤᠯᠤᠨ᠎ᠠ᠃ 

ᠢᠷᠡᠯᠳᠡ : 

ᠰᠢᠨᠬᠤᠸᠠ ᠮᠤᠩᠭ᠋ᠤᠯ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ