5baae20f-d8ff-45b1-8d0c-bd35dffd4af4.jpg

5 ᠰᠠᠷ᠎ᠠ ᠶᠢᠨ 11 ᠤ᠋ ᠡᠳᠦᠷ᠂ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠶᠢᠨ ᠡᠮᠡᠭᠲᠡᠢ ᠬᠦᠯ ᠪᠦᠮᠪᠦᠭᠡᠨ ᠠᠩᠬᠢ ᠡᠵᠡᠨ ᠲᠠᠯᠠᠪᠠᠢ ᠶᠢᠨ ᠠᠩᠬᠢ ᠱᠠᠨᠳ᠋ᠦ᠋ᠩ ᠮᠤᠵᠢ ᠶᠢᠨ ᠶᠠᠨ ᠴᠸᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠭᠢ ᠵᠢ ᠲᠡᠶᠢᠯᠵᠦ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ ᠤ(ᠳᠡᠭᠡᠳᠤ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ)ᠬᠡᠳᠦ ᠳᠡᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠳᠡᠳ᠋ ᠨᠡᠷᠡᠰ ᠲᠤ ᠲᠤᠳᠤᠷᠠᠵᠦ᠂ ᠲᠠᠮᠢᠷᠴᠢᠨ ᠰᠢᠶᠤᠤ ᠵᠢᠶᠤᠸᠠᠨ《ᠬᠠᠮᠤᠬ ᠰᠢᠯᠢᠳᠡᠭ ᠬᠠᠭᠠᠯᠭᠠᠴᠢ》ᠶ᠋ᠢᠨ ᠢᠷᠠᠭᠤ ᠠᠯᠳᠠᠷ ᠲᠤᠰᠤᠯ᠎ᠠ᠃

ᠡᠨᠡ ᠪᠤᠯ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠶᠢᠨ ᠡᠮᠡᠭᠲᠡᠢ ᠶᠢᠨ ᠬᠦᠯ ᠪᠦᠮᠪᠦᠭᠡᠨ ᠠᠩᠬᠢ 3 ᠳ᠋ᠤᠭᠠᠷ ᠰᠠᠷ᠎ᠠ ᠳᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ(ᠳᠡᠭᠡᠳᠤ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ) ᠤ ᠦᠷᠢᠰᠦᠯᠳᠦᠭᠡᠨᠲᠤ ᠤᠷᠤᠯᠳᠤᠭᠠᠨ ᠤ ᠮᠠᠩᠯᠠᠢ᠂ 4 ᠳ᠋ᠤᠭᠡᠷ ᠰᠠᠷ᠎ᠠ ᠳᠤ ᠪᠦᠬᠦ ᠤᠯᠤᠰ ᠤᠨ ᠵᠠᠯᠠᠭᠠᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ (ᠳᠡᠭᠡᠳᠤ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ) ᠤ᠋ ᠮᠠᠩᠯᠠᠢ ᠰᠢᠯᠭᠠᠷᠠᠭᠤᠯᠬᠤ ᠲᠡᠮᠡᠴᠡᠭᠡᠨ ᠤ ᠳᠡᠳ᠋ ᠨᠡᠷᠡᠰ ᠢ ᠲᠡᠮᠡᠴᠡᠨ ᠤᠯᠤᠬᠰᠠᠨ ᠡᠴᠡ ᠰᠡᠭᠦᠯᠡᠷᠬᠢ ᠪᠠᠰᠠ ᠨᠢᠭᠡ ᠤᠳᠠᠭᠠᠨ ᠤ ᠠᠮᠵᠢᠯᠲᠠ ᠶᠤᠮ᠃

0c799119-0e78-4c24-85ab-633cb56f5315.jpg

ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ ᠪᠤᠯ ᠤᠯᠤᠰ ᠤᠨ ᠲᠤᠳᠤᠭᠠᠳᠤᠬᠢ ᠤᠳᠠᠭᠠᠨ ᠵᠢᠯ ᠤᠨ ᠲᠡᠦᠬᠡ ᠲᠠᠢ᠂ ᠦᠷᠭᠡᠨ ᠬᠡᠪᠴᠢᠶ᠎ᠠ ᠪᠦᠬᠦᠢ ᠬᠦᠯ ᠪᠦᠮᠪᠦᠭᠡᠨ ᠤᠷᠤᠯᠳᠤᠭᠠᠨ ᠪᠠᠶᠢᠵᠦ᠂ 1999 ᠤᠨ ᠳᠤ ᠰᠤᠷᠭᠠᠨ ᠬᠦᠮᠦᠵᠢᠯ ᠤᠨ ᠶᠠᠮᠤᠨ ᠡᠴᠡ ᠵᠤᠬᠢᠶᠠᠨ ᠪᠠᠶᠢᠭᠤᠯᠤᠨ ᠶᠠᠪᠤᠬᠳᠠᠭᠤᠯᠵᠦ᠂ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠲᠤ ᠤᠷᠤᠯᠳᠤᠭᠠᠨ ᠳᠤᠲᠤᠷᠠᠬᠢ ᠬᠠᠮᠤᠬ ᠤᠨ ᠦᠨᠳᠦᠷ ᠳᠡᠰ ᠤᠨ ᠤᠷᠤᠯᠳᠤᠭᠠᠨ ᠪᠠᠶᠢᠵᠦ᠂ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠠᠮᠤᠬ ᠤᠨ ᠦᠨᠳᠦᠷ ᠬᠢᠷᠢ ᠲᠦᠪᠰᠢᠨ ᠢ ᠲᠦᠯᠦᠭᠡᠯᠡᠵᠦ ᠪᠠᠶᠢᠳᠠᠬ᠃

ᠲᠤᠰ ᠤᠳᠠᠭᠠᠨ ᠤ ᠤᠷᠤᠯᠳᠤᠭᠠᠨ ᠳᠤ ᠪᠦᠬᠦ ᠤᠯᠤᠰ ᠤᠨ ᠡᠯ᠎ᠡ ᠭᠠᠵᠠᠷ ᠤᠨ 16 ᠲᠦᠯᠦᠭᠡᠯᠡᠭᠴᠢ ᠠᠩᠭᠢ ᠤᠷᠤᠯᠴᠠᠵᠦ᠂ ᠾᠸᠪᠸᠢ ᠮᠤᠵᠢ ᠶᠢᠨ ᠪᠤᠤ ᠳ᠋ᠢᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠬᠦᠯ ᠪᠦᠮᠪᠦᠭᠡᠨ ᠠᠩᠭᠢ ᠲᠦᠷᠦᠭᠦᠯᠡᠭᠰᠡᠨ ᠪᠠᠶᠢᠨ᠎ᠠ᠃

f610a5dc-67c6-4708-bf43-624a7e3168d3.jpg

f0750b2d-c3ab-45f5-9c49-f13496341b3c.jpg

b8594afc-9386-4fcd-bc97-b846dcbbab72.jpg

28af66e0-8bd7-40ee-a44c-0ee1b96032a7.jpg

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ