2019 ᠣᠨ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭ᠎ᠠ ᠶᠢᠨ ᠵᠠᠮ ᠳᠠᠭᠠᠨ ᠭᠦᠶᠦᠬᠦ ᠮᠠᠷᠠᠽᠤᠨ ᠤ ᠬᠤᠷᠠᠯ 2019 ᠣᠨ ᠤ 5 ᠰᠠᠷ᠎ᠠ ᠶᠢᠨ 30  ᠤ ᠡᠳᠦᠷ ᠡᠴᠡ 6 ᠰᠠᠷ᠎ᠠ ᠶᠢᠨ 2 ᠤᠨ ᠡᠳᠦᠷ ᠪᠣᠯᠲᠠᠯ᠎ᠠ ᠭᠠᠨᠰᠦ ᠮᠤᠵᠢ ᠶᠢᠨ ᠯᠠᠨᠵᠧᠦ ᠬᠤᠳᠠ ᠳᠤ ᠶᠠᠪᠤᠭᠳᠠᠬᠤ ᠪᠣᠯᠤᠨ᠎ᠠ᠂ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭ᠎ᠠ ᠶᠢᠨ C E O ᠵᠡᠷᠭᠡ ᠬᠤᠯᠪᠤᠭᠲᠠᠯ ᠪᠦᠬᠦᠢ ᠬᠦᠮᠦᠰ ᠲᠤᠰ ᠬᠤᠷᠠᠯ ᠳᠤ ᠣᠷᠣᠯᠴᠠᠬᠤ ᠪᠣᠯᠤᠨ᠎ᠠ᠃

ᠯᠠᠨᠵᠧᠦ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠸᠠᠩ ᠵᠧᠩ ᠰᠢᠤ ᠶᠢᠨ ᠲᠠᠨᠢᠯᠴᠠᠭᠤᠯᠤᠭᠰᠠᠨ ᠢᠶᠠᠷ᠂ 2019 ᠣᠨ ᠤ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭᠠᠨ ᠤ ᠵᠠᠮ ᠳᠠᠭᠠᠨ ᠭᠦᠶᠦᠬᠦ ᠮᠠᠷᠠᠽᠤᠨ ᠬᠤᠷᠠᠯ ᠤᠨ ᠡᠯ᠎ᠡ ᠵᠦᠢᠯ ᠦᠨ ᠪᠡᠯᠡᠳᠬᠡᠯ ᠠᠵᠢᠯ ᠣᠳᠣ ᠶᠠᠭ ᠡᠮᠬᠢ ᠵᠢᠷᠤᠮ ᠲᠠᠶ ᠶᠠᠪᠤᠭᠳᠠᠵᠤ ᠪᠠᠢᠨ᠎ᠠ᠂ ᠡᠮᠦᠨᠡᠬᠢ ᠶᠠᠪᠤᠭᠤᠯᠤᠭᠰᠠᠨ ᠤᠷᠢᠯᠭ᠎ᠠ ᠪᠠᠷ᠂ ᠠᠮᠧᠷᠢᠺᠠ᠂ ᠹᠷᠠᠨᠼᠢ᠂ ᠢᠲ᠋ᠠᠯᠢ ᠵᠡᠷᠭᠡ 44 ᠤᠯᠤᠰ ᠪᠣᠯᠤᠨ ᠭᠠᠵᠠᠷ ᠣᠷᠣᠨ ᠠᠴᠠ ᠢᠷᠡᠭᠰᠡᠨ ᠨᠡᠢᠲᠡ 125 ᠨᠡᠷᠡᠰ ᠤᠯᠠᠨ ᠤᠯᠤᠰ  ᠦᠨ ᠵᠣᠴᠢᠨ ᠬᠤᠷᠠᠯ ᠳᠤ ᠣᠷᠣᠯᠴᠠᠬᠤ ᠪᠣᠯᠤᠨ᠎ᠠ᠂ ᠡᠭᠦᠨ ᠳᠦ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭᠠᠨ ᠤ ᠠᠯᠪᠠᠨ ᠲᠤᠰᠢᠶᠠᠯᠲᠠᠨ᠂ ᠶᠠᠷᠢᠶ᠎ᠠ ᠢᠯᠡᠳᠬᠡᠯ ᠬᠢᠬᠦ ᠤᠯᠠᠨ ᠤᠯᠤᠰ  ᠤᠨ ᠵᠣᠴᠢᠨ᠂ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭᠠᠨ ᠤ ᠵᠠᠮ ᠳᠠᠭᠠᠨ ᠭᠦᠶᠦᠬᠦ ᠮᠠᠷᠠᠽᠤᠨ ᠤ ᠵᠥᠪᠯᠡᠯ ᠤᠨ ᠭᠡᠰᠢᠭᠦᠨ ᠵᠡᠷᠭᠡ ᠪᠠᠭᠲᠠᠵᠤ ᠪᠣᠶ᠂ ᠤᠯᠠᠨ ᠤᠯᠤᠰ ᠤᠨ ᠬᠦᠨᠳᠦ ᠬᠥᠩᠭᠡᠨ ᠲᠠᠮᠢᠷ ᠤᠨ ᠬᠣᠯᠪᠣᠭᠠᠨ ᠤ ᠲᠡᠮᠳᠡᠭᠲᠦ ᠮᠠᠷᠠᠽᠤᠨ ᠤᠷᠤᠯᠳᠤᠭᠠᠨ ᠤ 50 ᠨᠡᠷᠡᠰ ᠲᠥᠯᠥᠭᠡᠯᠡᠭᠴᠢ ᠴᠦ ᠲᠤᠰ ᠤᠳᠠᠭᠠᠨ ᠤ ᠬᠤᠷᠠᠯ ᠳᠤ ᠣᠷᠣᠯᠴᠠᠬᠤ ᠪᠣᠯᠤᠨ᠎ᠠ᠃

ᠣᠢᠯᠠᠭᠠᠭᠰᠠᠨ ᠢᠶᠠᠷ ᠂ ᠲᠤᠰ ᠤᠳᠠᠭᠠᠨ ᠤ ᠮᠠᠷᠠᠽᠤᠨ ᠤᠷᠤᠯᠳᠤᠭᠠᠨ ᠳᠤ 5 ᠺᠢᠯᠣᠮᠧᠲ᠋ᠷ᠂ ᠬᠠᠭᠠᠰ ᠵᠠᠶ᠂ ᠪᠦᠬᠦ ᠵᠠᠢ ᠭᠤᠷᠪᠠᠨ ᠵᠦᠢᠯ ᠦᠨ ᠤᠷᠤᠯᠳᠤᠭᠠᠨ ᠲᠣᠬᠢᠷᠠᠭᠤᠯᠵᠤ᠂ ᠨᠡᠢᠢᠲᠡ 19 ᠤᠯᠤᠰ ᠪᠠ ᠭᠠᠵᠠᠷ ᠣᠷᠣᠨ ᠤ 138071 ᠬᠥᠮᠥᠨ ᠨᠡᠷ᠎ᠡ ᠮᠡᠳᠡᠭᠦᠯᠵᠡᠶ᠂ ᠬᠣᠶᠠᠷ ᠡᠭᠡᠯᠵᠢ ᠶᠢᠨ ᠰᠢᠪᠠᠭ᠎ᠠ ᠰᠤᠭᠤᠯᠬᠤ  ᠪᠠᠷ ᠳᠠᠮᠵᠢᠭᠠᠳ ᠨᠡᠢᠲᠡ 40007 ᠬᠥᠮᠦᠨ ᠰᠢᠪᠠᠭ᠎ᠠ ᠳᠤ ᠰᠤᠭᠤᠷᠠᠨ ᠭᠠᠷᠴᠤ ᠤᠷᠤᠯᠳᠤᠭᠤᠨ ᠳᠤ ᠣᠷᠣᠯᠴᠠᠬᠤ ᠪᠠᠷ ᠪᠣᠯᠵᠠᠢ᠃

ᠯᠠᠨᠵᠧᠦ ᠶᠢᠨ ᠣᠯᠠᠨ ᠤᠯᠤᠰ  ᠤᠨ ᠮᠠᠷᠠᠽᠤᠨ ᠤᠷᠤᠯᠳᠤᠭᠠᠨ 2011 ᠣᠨ ᠳᠤ ᠡᠬᠢᠯᠡᠵᠦ᠂ 2017 ᠣᠨ 12 ᠰᠠᠷ᠎ᠠ ᠳᠤ ᠣᠯᠠᠨ ᠤᠯᠤᠰ  ᠤᠨ ᠬᠦᠨᠳᠦ ᠬᠥᠩᠭᠡᠨ ᠲᠠᠮᠢᠷ ᠤᠨ ᠬᠣᠯᠪᠣᠭᠠᠨ ᠤ ᠠᠯᠲᠠᠨ ᠮᠧᠳᠠᠯ ᠤᠨ ᠤᠷᠤᠯᠳᠤᠭᠠᠨ ᠪᠣᠯᠵᠤ᠂ ᠯᠠᠨᠵᠧᠤ ᠶᠢᠨ ᠡᠨᠡ ᠬᠦ ᠮᠠᠷᠠᠽᠤᠨ ᠤᠷᠤᠯᠳᠤᠭᠠᠨ ᠨᠢ ᠣᠳᠣᠬᠠᠨ ᠳᠤ ᠤᠯᠤᠰ ᠤᠨ ᠳᠣᠲᠣᠭᠠᠳᠤ ᠳ᠋ᠤ ᠶᠠᠪᠤᠭᠲᠠᠵᠤ ᠪᠠᠢᠭ᠎ᠠ ᠲᠡᠯᠡᠢ ᠶᠢᠨ ᠲᠦᠪᠰᠢᠨ ᠡᠴᠡ ᠬᠠᠮᠤᠭ ᠥᠨᠳᠥᠷ ᠭᠠᠵᠠᠷ ᠲᠦ ᠪᠤᠯᠬᠤ ᠠᠯᠲᠠᠨ ᠮᠧᠳᠠᠯ ᠤᠨ ᠤᠷᠤᠯᠳᠤᠭᠠᠨ ᠮᠥᠨ ᠪᠣᠯᠬᠣᠷ ᠪᠠᠰᠠ《ᠳᠡᠳ᠋ ᠥᠨᠳᠥᠷᠯᠢᠭ ᠤᠨ ᠮᠠᠷᠠᠽᠤᠨ ᠤᠷᠤᠯᠳᠤᠭᠠᠨ》ᠭᠡᠵᠦ ᠨᠡᠷᠡᠯᠡᠭᠳᠡᠵᠡᠶ᠃

ᠢᠷᠡᠯᠳᠡ : 

 ᠰᠢᠨᠬᠤᠸᠠ ᠬᠤᠷᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ