8913f854-37a6-43f8-bb10-8c3b4ba76ce7.jpg

5 ᠰᠠᠷ᠎ᠠ ᠶᠢᠨ 26 ᠡᠳᠤᠷ᠂ 3 ᠡᠳᠤᠷ ᠶᠠᠪᠤᠬᠳᠠᠬᠰᠠᠨ 《ᠪᠠᠶ᠎ᠠ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠬᠤᠨᠳᠠᠭᠠᠳᠤ》 2019 ᠤᠨ ᠤ ᠲᠡᠯᠡᠬᠡᠢ ᠶᠢᠨ ᠵᠢᠤᠳᠤᠤ ᠪᠥᠬᠡ ᠶᠢᠨ ᠶᠡᠭᠡ ᠤᠷᠤᠯᠳᠤᠭᠠᠨ ᠥᠪᠥᠷ ᠮᠤᠩᠭᠤᠯ ᠤᠨ ᠪᠡᠶ᠎ᠠ ᠶᠢᠨ ᠲᠠᠮᠢᠷ ᠤᠨ ᠤᠷᠳᠤᠨ ᠳᠤ ᠦᠨᠳᠤᠷᠯᠡᠪᠡ᠃

ᠲᠤᠰ ᠤᠳᠠᠭ᠎ᠠ ᠶᠢᠨ ᠤᠷᠤᠯᠳᠤᠭᠠᠨ ᠳᠤ ᠡᠷᠡᠭᠳᠠᠢ ᠡᠮᠡᠭᠳᠠᠢ ᠲᠠᠮᠢᠷᠴᠢᠳ ᠤᠨ 7 ᠠᠳᠠᠯᠢ ᠪᠤᠰᠤ ᠲᠡᠰ ᠤᠨ ᠤᠷᠤᠯᠳᠤᠭᠠᠨ ᠤ ᠮᠠᠩᠯᠠᠢ ᠶᠢ ᠰᠢᠯᠭᠠᠷᠠᠭᠤᠯᠵᠠᠢ᠃ ᠮᠠᠨ ᠤ ᠤᠷᠤᠨ ᠤ 10 ᠡᠷᠡᠭᠳᠠᠢ ᠡᠮᠡᠭᠳᠠᠢ ᠲᠡᠮᠢᠷᠴᠢᠨ ᠤᠷᠤᠯᠳᠤᠭᠠᠨ ᠳᠤ ᠤᠷᠤᠯᠴᠠᠵᠥ᠂ ᠲᠠᠮᠢᠷᠴᠢᠨ ᠰᠥᠷᠯᠢᠭ ᠡᠷᠡᠭᠳᠠᠢ ᠶᠢᠨ 60 ᠺᠢᠯᠥᠭᠷᠡᠮ ᠤᠨ ᠲᠡᠰ ᠤᠨ ᠲᠡᠮᠡᠴᠡᠭᠡᠨ ᠳᠤ ᠲᠤᠯᠤᠳᠤᠭᠠᠷ ᠨᠡᠷᠡᠰ ᠲᠤ ᠤᠷᠤᠵᠥ᠂ ᠲᠤᠰ ᠤᠳᠠᠭ᠎ᠠ ᠶᠢᠨ ᠤᠷᠤᠯᠳᠤᠭᠠᠨ ᠳᠠᠬᠢ ᠮᠡᠨ ᠤ ᠤᠷᠤᠨ ᠤ ᠬᠠᠮᠤᠬ ᠤᠨ ᠰᠢᠯᠢᠳᠡᠭ ᠬᠢᠷᠢ ᠪᠥᠳᠥᠮᠵᠢ ᠪᠤᠯᠤᠭᠰᠠᠨ ᠪᠠᠶᠢᠨ᠎ᠠ᠃ ᠲᠡᠯᠡᠬᠡᠢ ᠶᠢᠨ ᠵᠢᠤᠳᠤᠤ ᠪᠥᠬᠡ ᠶᠢᠨ ᠶᠡᠭᠡ ᠤᠷᠤᠯᠳᠤᠭᠠᠨ ᠤᠷᠢᠳ ᠬᠤᠵᠢᠳ ᠭᠤᠷᠪᠠᠨ ᠬᠤᠭᠤᠴᠠᠭ᠎ᠠ ᠶᠠᠪᠤᠬᠳᠠᠵᠥ᠂ 2017 ᠤᠨ ᠤ ᠠᠩᠬᠠᠳᠤᠭᠠᠷ ᠬᠤᠭᠤᠴᠠᠭᠠᠨ ᠤ ᠲᠡᠯᠡᠬᠡᠢ ᠶᠢᠨ ᠵᠢᠤᠳᠤᠤ ᠪᠥᠬᠡ ᠶᠢᠨ ᠶᠡᠭᠡ ᠤᠷᠤᠯᠳᠤᠭᠠᠨ ᠳᠤ ᠮᠠᠨ ᠤ ᠤᠷᠤᠨ ᠤ ᠲᠡᠮᠢᠷᠴᠢᠨ ᠰᠠᠶᠢᠨᠵᠢᠷᠭᠠᠯ ᠤᠯᠤᠰ ᠤᠨ ᠠᠩᠬᠢ ᠶᠢ ᠲᠥᠯᠥᠭᠡᠯᠡᠨ ᠤᠷᠤᠯᠴᠠᠵᠥ᠂ ᠡᠷᠡᠭᠳᠠᠢ ᠶᠢᠨ 73 ᠺᠢᠯᠥᠭᠷᠡᠮ ᠤᠨ ᠲᠡᠰ ᠤᠨ ᠤᠷᠤᠯᠳᠤᠭᠠᠨ ᠳᠤ ᠠᠯᠳᠠᠨ ᠮᠧᠳᠠᠯ ᠭᠠᠷᠳᠠᠵᠠᠢ︔ 2018 ᠤᠨ ᠤ ᠬᠤᠶᠠᠳᠤᠭᠠᠷ ᠬᠤᠭᠤᠴᠠᠭᠠᠨ ᠤ ᠲᠡᠯᠡᠬᠡᠢ ᠶᠢᠨ ᠵᠢᠤᠳᠤᠤ ᠪᠥᠬᠡ ᠶᠢᠨ ᠶᠡᠭᠡ ᠤᠷᠤᠯᠳᠤᠭᠠᠨ ᠳᠤ ᠮᠠᠨ ᠤ ᠤᠷᠤᠨ ᠤ ᠲᠡᠮᠢᠷᠴᠢᠨ ᠡᠥ ᠱᠤ᠋ ᠭᠧᠨ ᠤᠯᠤᠰ ᠤᠨ ᠠᠩᠬᠢ ᠶᠢ ᠲᠥᠯᠥᠭᠡᠯᠡᠨ ᠤᠷᠤᠯᠴᠠᠵᠥ᠂ ᠡᠮᠡᠭᠳᠠᠢ ᠶᠢᠨ 52 ᠺᠢᠯᠥᠭᠷᠡᠮ ᠤᠨ ᠲᠡᠰ ᠤᠨ ᠤᠷᠤᠯᠳᠤᠭᠠᠨ ᠳᠤ ᠮᠥᠡᠭᠭᠦᠨ ᠮᠧᠳᠠᠯ ᠭᠠᠷᠳᠠᠭᠰᠠᠨ ᠪᠠᠶᠢᠨ᠎ᠠ᠃

ᠥᠢᠯᠠᠭᠠᠬᠰᠠᠨ ᠢᠶᠠᠷ᠂ 2020 ᠤᠨ ᠤ ᠲᠡᠯᠡᠬᠡᠢ ᠶᠢᠨ ᠵᠢᠤᠳᠤᠤ ᠪᠥᠬᠡ ᠶᠢᠨ ᠶᠡᠭᠡ ᠤᠷᠤᠯᠳᠤᠭᠠᠨ ᠢ ᠮᠦᠨ ᠬᠦ ᠬᠥᠬᠡᠬᠤᠳᠠ ᠳᠤ ᠶᠠᠪᠤᠬᠳᠠᠭᠤᠯᠬᠤ ᠪᠠᠷ ᠪᠤᠢ᠃

b54090ca-ed37-43b5-9845-65d744d7f852.jpg15ff3f50-03c6-47c6-b30f-f4c42130926a.jpg

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ