f6523815-2ff2-49b3-9f4c-0a756f29c178.jpg

ᠨᠠᠷᠠ ᠲᠤᠯᠠᠶᠢᠬᠰᠠᠨ ᠵᠤᠨ ᠤ ᠰᠠᠶᠢᠬᠠᠨ ᠴᠠᠬ ᠲᠤ᠂ 5 ᠰᠠᠷ᠎ᠠ ᠶᠢᠨ 22 — 24 ᠤ ᠡᠳᠦᠷ ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ ᠶᠢᠨ ᠲᠠᠪᠢᠨ ᠨᠠᠢᠮᠠᠳᠤᠭᠠᠷ ᠬᠤᠭᠤᠴᠠᠭᠠᠨ ᠤ ᠰᠫᠥᠷᠲ ᠤᠨ ᠤᠷᠤᠯᠳᠤᠭᠠᠨ ᠵᠢᠴᠢ ᠶᠢᠰᠦᠳᠦᠬᠡᠷ ᠬᠤᠭᠤᠴᠠᠭᠠᠨ ᠤ ᠨᠠᠭᠠᠳᠤᠮ ᠰᠤᠶᠤᠯ ᠤᠨ ᠨᠠᠶᠢᠷ ᠤᠯᠠᠮᠵᠢᠯᠠᠯᠲᠦ ᠰᠤᠶᠤᠯ ᠢᠶᠠᠨ ᠲᠡᠭᠡᠳᠤᠯᠠᠵᠦ᠂ ᠨᠥᠬᠦᠷᠯᠠᠯ ᠪᠥᠯᠬᠦᠮᠳᠡᠯ ᠢᠶᠠᠨ ᠴᠢᠩᠭᠠᠳᠬᠠᠨ ᠲᠤᠰ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠨᠢᠵᠢᠬᠢᠷ ᠰᠠᠶᠢᠬᠠᠨ ᠶᠠᠪᠤᠬᠳᠠᠯ᠎ᠠ᠃

《ᠡᠬᠡ ᠪᠠᠶᠢᠭᠠᠯᠢ ᠪᠠᠨ ᠳᠡᠬᠡᠳᠤᠯᠡᠵᠦ᠂ ᠠᠮᠢ ᠨᠠᠰᠤ ᠪᠠᠨ ᠬᠠᠶᠢᠷᠠᠯᠠᠨ᠂ ᠡᠶ᠎ᠡ ᠵᠤᠬᠢᠴᠠᠯ ᠲᠠᠢ ᠬᠠᠮᠳᠤ ᠪᠠᠷ ᠤᠷᠤᠰᠢᠬᠤ》 ᠭᠤᠤᠯ ᠰᠡᠳᠤᠪ ᠤᠨ ᠲᠤᠭᠤᠷᠢᠨ ᠳᠤ ᠶᠠᠪᠤᠬᠳᠠᠬᠰᠠᠨ ᠳᠤᠰ ᠤᠳᠠᠭ᠎ᠠ ᠶᠢᠨ ᠨᠠᠶᠢᠷ ᠡᠬᠢᠯᠡᠯᠳᠡ ᠶᠢᠨ ᠶᠤᠰᠤᠯᠠᠯ᠂ ᠤᠷᠠᠨ ᠰᠠᠶᠢᠬᠠᠨ ᠤ ᠳᠤᠭᠯᠠᠯᠳᠠ᠂ ᠤᠷᠠᠯᠢᠭ ᠤᠨ ᠦᠵᠡᠬᠦᠯᠬᠡ ᠬᠢᠬᠡᠳ ᠰᠤᠯᠢᠯᠴᠠᠭ᠎ᠠ᠂ ᠤᠯᠠᠮᠵᠢᠯᠠᠯᠳᠤ ᠪᠡᠶ᠎ᠠ ᠶᠢᠨ ᠳᠠᠮᠢᠷ ᠤᠨ ᠤᠷᠤᠯᠳᠤᠭᠠᠨ᠂ ᠰᠤᠷᠭᠠᠭᠤᠯᠢ ᠬᠢᠬᠡᠳ ᠤᠷᠤᠨ ᠨᠤᠳᠤᠭ ᠤᠨ ᠰᠤᠯᠢᠯᠴᠠᠭ᠎ᠠ ᠵᠡᠷᠬᠡ ᠳᠠᠪᠤᠨ ᠠᠭᠤᠯᠭ᠎ᠠ ᠶᠢ ᠳᠤᠬᠢᠷᠠᠭᠤᠯᠵᠤ᠂ ᠡᠷ᠎ᠠ ᠶᠢᠨ ᠭᠤᠷᠪᠠᠨ ᠨᠠᠭᠠᠳᠤᠮ ᠢᠶᠠᠷ ᠭᠤᠤᠯᠳᠠᠭᠤᠯᠤᠭᠰᠠᠨ 11 ᠤᠷᠤᠯᠳᠤᠭᠠᠨ ᠤ ᠲᠦᠷᠦᠯ ᠢ ᠢᠳᠡ ᠬᠥᠭ ᠲᠠᠢ ᠶᠠᠪᠤᠬᠳᠠᠭᠤᠯᠪᠠ᠃

ee90753b-95e4-4d3b-9f40-09792a0aa54b.jpg

ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ ᠶᠢᠨ ᠵᠡᠬᠢᠷᠤᠯ ᠭᠡᠷᠡᠯᠳᠤ ᠶᠢᠨ ᠲᠠᠨᠢᠯᠴᠠᠭᠤᠯᠤᠬᠰᠠᠨ ᠢᠶᠠᠷ᠂ ᠡᠲᠡᠨ ᠤ ᠨᠠᠭᠠᠳᠤᠮ ᠰᠤᠶᠤᠯ ᠤᠨ ᠨᠠᠶᠢᠷ ᠨᠢ ᠥᠨᠳᠤᠰᠤᠳᠠᠨ ᠤ ᠰᠤᠷᠭᠠᠨ ᠬᠥᠮᠥᠵᠢᠯ᠂ ᠥᠨᠳᠤᠰᠤᠳᠠᠨ ᠤ ᠰᠤᠶᠤᠯ᠂ ᠥᠨᠳᠤᠰᠤᠳᠠᠨ ᠤ ᠪᠡᠶ᠎ᠠ ᠶᠢᠨ ᠲᠠᠮᠢᠷ ᠤᠨ ᠥᠢᠯᠡᠰ᠂ ᠥᠨᠳᠤᠰᠤᠳᠠᠨ ᠤ ᠪᠥᠯᠬᠦᠮᠳᠠᠯ ᠲᠠᠪᠰᠢᠯᠳᠠ ᠶᠢ ᠠᠬᠢᠭᠤᠯᠤᠬᠰᠠᠨ ᠴᠤᠬᠯᠠᠭᠠᠨ ᠪᠤᠯᠤᠬᠰᠠᠨ ᠢᠶᠠᠷ ᠥᠯᠥ ᠪᠠᠷᠠᠮ᠂ ᠮᠤᠩᠭᠤᠯ ᠥᠨᠳᠤᠰᠤᠳᠠᠨ ᠤ ᠰᠢᠯᠢᠳᠡᠭ ᠰᠤᠶᠤᠯ ᠪᠠ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠬᠥᠭᠵᠢᠯᠳᠠ ᠬᠤᠪᠢᠷᠠᠯᠲᠠ ᠶᠢ ᠲᠡᠯᠭᠡᠨ ᠥᠵᠡᠬᠦᠯᠬᠦ ᠴᠤᠩᠬᠤᠪᠴᠢ ᠪᠤᠯᠪᠠ᠃ ᠲᠤᠰ ᠨᠠᠭᠠᠳᠤᠮ ᠰᠤᠶᠤᠯ ᠤᠨ ᠨᠠᠶᠢᠷ ᠨᠢ ᠨᠢᠭᠡᠨᠳᠠ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠠᠰ ᠲᠤ ᠥᠪᠥᠷ ᠮᠤᠩᠭᠤᠯ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠬᠥᠷᠢᠶᠠᠨ ᠤ ᠰᠤᠶᠤᠯ ᠤᠨ ᠰᠤᠳᠤᠨ ᠲᠥᠷᠥᠯ ᠵᠦᠢᠯ ᠢᠶᠠᠷ ᠲᠤᠬᠳᠠᠭᠠᠬᠳᠠᠬᠰᠠᠨ ᠪᠠᠶᠢᠨ᠎ᠠ᠃

85518eee-c3eb-4088-a516-4125bc537030.jpg

ᠥᠢᠯᠠᠭᠠᠬᠰᠠᠨ ᠢᠶᠠᠷ᠂ ᠥᠡᠭᠭᠡᠷᠡᠭᠰᠡᠨ ᠨᠢᠭᠡ ᠵᠢᠯ ᠤᠨ ᠲᠤᠷᠰᠢ ᠲᠤᠰ ᠰᠤᠷᠭᠠᠭᠤᠯᠢ ᠶᠢᠨ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠨᠠᠮ ᠤᠨ ᠰᠤᠷᠭᠠᠨ ᠬᠥᠮᠥᠵᠢᠯ ᠤᠨ ᠴᠢᠭᠯᠡᠯᠳᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠶᠤᠰᠤ ᠰᠤᠷᠳᠠᠬᠤᠨ ᠢᠶᠠᠷ ᠬᠥᠮᠥᠨ ᠢ ᠬᠥᠮᠥᠵᠢᠬᠦᠯᠬᠦ ᠪᠠᠷ ᠥᠨᠳᠤᠰᠤ ᠪᠤᠯᠭᠠᠨ᠂ ᠤᠷᠢᠳ ᠬᠤᠵᠢᠳ 《ᠰᠠᠭᠠᠷᠠᠯ ᠮᠤᠷᠢ ᠬᠤᠨᠳᠠᠭᠠᠳᠤ》 ᠵᠡᠷᠭᠡ ᠥᠪᠡᠷᠮᠢᠴᠡ ᠤᠨᠴᠠᠯᠢᠬ ᠪᠥᠬᠦᠢ ᠪᠡᠶ᠎ᠠ ᠶᠢᠨ ᠲᠠᠮᠢᠷ ᠤᠨ ᠤᠷᠤᠯᠳᠤᠭᠠᠨ ᠤ ᠲᠥᠷᠥᠯ ᠢ ᠡᠷᠬᠢᠯᠡᠨ ᠶᠠᠪᠤᠬᠳᠠᠭᠤᠯᠵᠥ᠂ ᠶᠤᠰᠤ ᠰᠤᠷᠳᠠᠬᠤᠨ᠂ ᠤᠶᠤᠨ ᠮᠡᠳᠡᠯᠭᠡ᠂ ᠪᠡᠶ᠎ᠠ ᠮᠠᠬᠠᠪᠤᠳ᠂ ᠭᠤᠸ᠎ᠠ ᠰᠠᠶᠢᠬᠠᠨ᠂ ᠬᠥᠳᠡᠯᠮᠥᠷᠢ ᠪᠥᠬᠦ ᠲᠠᠯ᠎ᠠ ᠪᠠᠷ ᠬᠥᠭᠵᠢᠭᠰᠡᠨ ᠴᠢᠳᠠᠪᠤᠷᠢᠳᠠᠨ ᠢ ᠬᠥᠮᠥᠵᠢᠬᠦᠯᠬᠦ ᠳᠤ ᠪᠡᠶ᠎ᠠ ᠶᠢᠨ ᠲᠠᠮᠢᠷ ᠰᠤᠶᠤᠯ ᠤᠨ ᠲᠠᠪᠴᠠᠩ ᠢ ᠴᠤᠬᠴᠠᠯᠠᠨ᠂ ᠪᠡᠶ᠎ᠠ ᠮᠠᠬᠠᠪᠤᠳ ᠢ ᠨᠢ ᠴᠢᠬᠢᠷᠠᠬᠵᠢᠭᠤᠯᠬᠤ ᠪᠠᠳᠤᠯᠠᠭ᠎ᠠ ᠬᠠᠨᠭ᠍ᠭᠠᠬᠰᠠᠨ ᠪᠠᠶᠢᠨ᠎ᠠ᠃ 

ᠨᠠᠭᠠᠳᠤᠮ ᠤᠨ ᠬᠤᠷᠠᠯ ᠠᠴᠠ ᠥᠢᠯᠠᠭᠠᠬᠰᠠᠨ ᠢᠶᠠᠷ᠂ ᠲᠤᠰ ᠰᠤᠷᠭᠠᠭᠤᠯᠢ ᠶᠢᠨ ᠰᠤᠷᠤᠬᠴᠢᠳ ᠡᠷᠴᠢ ᠬᠥᠴᠥᠨ᠂ ᠪᠠᠷᠢᠮᠳᠠᠯᠠᠯ᠂ ᠮᠠᠷᠡᠶᠢᠨ ᠲᠡᠮᠡᠴᠡᠬᠦ ᠴᠤᠬ ᠵᠢᠪᠬᠤᠭ᠎ᠠ ᠪᠠᠷ ᠡᠯ᠎ᠠ ᠱᠠᠳᠤᠨ ᠤ ᠡᠯ᠎ᠠ ᠲᠥᠷᠥᠯ ᠤᠨ ᠤᠷᠤᠯᠳᠤᠭᠠᠨ ᠳᠤ ᠰᠢᠯᠢᠳᠡᠭ ᠬᠢᠷᠢ ᠪᠥᠳᠥᠮᠵᠢ ᠡᠬᠦᠳᠴᠤ᠂ ᠰᠤᠷᠭᠠᠭᠤᠯᠢ ᠳᠠᠭᠠᠨ ᠴᠥᠭᠡᠨ ᠪᠤᠰᠤ ᠢᠷᠠᠭᠤ ᠠᠯᠳᠠᠷ ᠠᠪᠴᠢᠷᠠᠵᠦ ᠥᠭᠭᠦᠭᠰᠡᠨ ᠪᠠᠶᠢᠨ᠎ᠠ᠃ ᠡᠬᠦᠨ ᠳᠤ᠂ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠶᠤᠳᠠᠳ ᠤᠨ ᠲᠤᠮᠳᠠᠳᠤ ᠮᠠᠶ᠋ᠢᠬ ᠤᠨ ᠪᠥᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ 4 ᠠᠯᠳᠠᠨ ᠮᠧᠳᠠᠯ᠂ 3 ᠮᠥᠡᠭᠭᠦᠨ ᠮᠧᠳᠠᠯ᠂ 9 ᠬᠥᠷᠡᠯ ᠮᠧᠳᠠᠯ ᠭᠠᠷᠳᠠᠪᠠ︔ ᠥᠪᠡᠷᠳᠡᠭᠡᠨ ᠵᠠᠰᠠᠬᠤ ᠤᠷᠤᠨ ᠤ ᠠᠷᠪᠠᠨ ᠲᠥᠷᠪᠡᠳᠥᠭᠡᠷ ᠬᠤᠭᠤᠴᠠᠭᠠᠨ ᠤ ᠲᠠᠮᠢᠷ ᠤᠨ ᠴᠤᠬᠯᠠᠭᠠᠨ ᠤ ᠶᠡᠭᠡ ᠰᠤᠷᠭᠠᠭᠤᠯᠢ ᠶᠢᠨ ᠲᠤᠭᠤᠢᠢᠯᠠᠩ ᠤᠨ ᠰᠫᠥᠷᠲ ᠤᠨ ᠤᠷᠤᠯᠳᠤᠭᠠᠨ᠂ ᠲᠤᠤᠷ ᠪᠥᠮᠪᠦᠭᠡ᠂ ᠪᠥᠭᠡ᠂ ᠰᠠᠬᠰᠤᠨ ᠪᠥᠮᠪᠦᠭᠡ ᠶᠢᠨ ᠤᠷᠤᠯᠳᠤᠭᠠᠨ ᠳᠤ ᠨᠡᠶᠢᠳᠠ 18 ᠱᠠᠩᠨᠠᠯ ᠤᠨ ᠲᠡᠮᠳᠡᠭ ᠲᠤᠰᠴᠠᠢ︔ ᠠᠷᠪᠠᠳᠤᠭᠠᠷ ᠬᠤᠭᠤᠴᠠᠭᠠᠨ ᠤ ᠪᠥᠬᠦ ᠤᠷᠤᠨ ᠤ ᠪᠥᠬᠦ ᠠᠷᠠᠳ ᠤᠨ ᠪᠡᠶ᠎ᠠ ᠪᠠᠨ ᠴᠢᠬᠢᠷᠠᠬᠵᠢᠭᠤᠯᠬᠤ ᠲᠡᠮᠢᠷ ᠤᠨ ᠴᠤᠬᠯᠠᠭᠠᠨ ᠪᠠ ᠪᠥᠬᠦ ᠤᠷᠤᠨ ᠤ 28 ᠳ᠋ᠤᠭᠠᠷ ᠬᠤᠭᠤᠴᠠᠭᠠᠨ ᠤ ᠲᠠᠯ᠎ᠠ ᠨᠤᠳᠤᠬ ᠤᠨ ᠵᠢᠭᠤᠯᠴᠢᠯᠠᠯ ᠤᠨ ᠨᠠᠭᠠᠳᠤᠮ ᠤᠨ ᠬᠤᠷᠠᠯ ᠤᠨ ᠤᠯᠠᠮᠵᠢᠯᠠᠯᠳᠤ ᠪᠢᠯᠠᠭᠤ ᠰᠢᠳᠠᠬᠦ ᠤᠷᠤᠯᠳᠤᠭᠠᠨ ᠵᠡᠷᠭᠡ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠳᠤ 4 ᠠᠯᠳᠠᠨ ᠮᠧᠳᠠᠯ᠂ 7 ᠮᠥᠡᠭᠭᠦᠨ ᠮᠧᠳᠠᠯ ᠤᠨ ᠰᠢᠯᠢᠳᠡᠭ ᠬᠢᠷᠢ ᠪᠥᠳᠥᠮᠵᠢ ᠶᠢ ᠡᠬᠦᠳᠪᠠ︔ 2018 ᠤᠨ ᠳᠤ ᠲᠤᠰ ᠰᠤᠷᠭᠠᠭᠤᠯᠢ ᠶᠢᠨ ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠬᠤᠯᠪᠤᠭᠠᠳᠤ ᠤᠷᠤᠯᠳᠤᠭᠠᠨ ᠤ ᠪᠥᠬᠦ ᠤᠯᠤᠰ ᠤᠨ ᠶᠡᠷᠥᠩᠭᠡᠢ ᠰᠢᠢᠳᠪᠤᠷᠢᠳᠤ ᠤᠷᠤᠯᠳᠤᠭᠠᠨ ᠳᠤ ᠤᠷᠤᠯᠴᠠᠨ᠂ ᠭᠤᠷᠪᠠᠳᠤᠭᠠᠷ ᠲᠤ ᠤᠷᠤᠵᠥ᠂ ᠡᠨᠡ ᠵᠢᠯ ᠲᠤᠰ ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠥᠪᠡᠷᠳᠡᠭᠡᠨ ᠵᠠᠰᠠᠬᠤ ᠤᠷᠤᠨ ᠤ 《ᠲᠡᠷᠢᠬᠦᠯᠡᠭᠴᠢ ᠬᠤᠨᠳᠠᠭᠠᠳᠤ》 ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠨ ᠲᠡᠰ ᠤᠨ ᠬᠤᠯᠪᠤᠭᠠᠳᠤ ᠤᠷᠤᠯᠳᠤᠭᠠᠨ᠂ ᠥᠪᠡᠷᠳᠡᠭᠡᠨ ᠵᠠᠰᠠᠬᠤ ᠤᠷᠤᠨ ᠤ ᠠᠷᠪᠠᠨ ᠲᠥᠷᠪᠡᠳᠥᠭᠡᠷ ᠬᠤᠭᠤᠴᠠᠭᠠᠨ ᠤ ᠲᠡᠮᠢᠷ ᠤᠨ ᠴᠤᠬᠯᠠᠭᠠᠨ ᠤ ᠶᠡᠭᠡ ᠰᠤᠷᠭᠠᠭᠤᠯᠢ ᠶᠢᠨ ᠬᠥᠯ ᠪᠥᠮᠪᠦᠭᠡ ᠶᠢᠨ ᠤᠷᠤᠯᠳᠤᠭᠠᠨ ᠵᠢᠴᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠬᠤᠯᠪᠤᠭᠠᠳᠤ ᠤᠷᠤᠯᠳᠤᠭᠠᠨ ᠤ ᠵᠢᠩᠭᠢᠨᠢ ᠠᠩᠭᠢ ᠶᠢᠨ ᠰᠤᠷᠭᠠᠭᠤᠯᠢ ᠶᠢᠨ ᠬᠥᠷᠢᠶᠠᠨ ᠤ ᠲᠤᠭᠤᠢᠢᠯᠠᠩ ᠤᠨ ᠰᠢᠯᠭᠠᠷᠠᠭᠤᠯᠤᠨ ᠰᠤᠩᠭᠤᠬᠤ ᠤᠷᠤᠯᠳᠤᠭᠠᠨ ᠳᠤ ᠲᠥᠷᠥᠬᠦᠯᠡᠵᠥ᠂ ᠥᠪᠡᠷᠳᠡᠭᠡᠨ ᠵᠠᠰᠠᠬᠤ ᠤᠷᠤᠨ ᠤ ᠲᠡᠭᠡᠳᠤ ᠵᠡᠷᠭᠡ ᠶᠢᠨ ᠰᠤᠷᠭᠠᠭᠤᠯᠢ ᠶᠢ ᠲᠥᠯᠥᠭᠡᠯᠡᠨ ᠪᠥᠬᠦ ᠤᠯᠤᠰ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠪᠠᠷ ᠪᠡᠯᠡᠳᠭᠡᠵᠥ ᠪᠤᠢ᠃(ᠦᠷᠭᠡᠨ)

243e21e6-91fd-4215-a1c9-4059732f02f6.jpg

05424367-ca93-4c97-a133-033102259d4f.jpg

0b3e81b6-b27c-47d3-b17b-fda048cafb04.jpg

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ