ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠬᠡᠪᠯᠡᠯ ᠤᠨ ᠦᠭᠦᠯᠡᠭᠴᠢ ᠡᠦ ᠴᠢᠶᠠᠨ 30 ᠤ ᠡᠳᠦᠷ ᠪᠤᠯᠤᠬᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠲᠤᠬᠲᠠᠬᠰᠠᠨ ᠰᠡᠳᠬᠦᠯᠴᠢᠳ ᠤᠨ ᠬᠤᠷᠠᠯ ᠤᠨ ᠦᠶ᠎ᠡ ᠪᠡᠷ ᠬᠡᠯᠡᠬᠦ ᠳᠡᠭᠡᠨ᠂ ᠳᠤᠯᠤᠳᠤᠭᠠᠷ ᠬᠤᠭᠤᠴᠠᠭᠠᠨ ᠤ ᠳᠡᠯᠡᠬᠡᠢ ᠶᠢᠨ ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ 2019 ᠤᠨ ᠤ 10 ᠰᠠᠷ᠎ᠠ ᠶᠢᠨ 18 ᠡᠴᠡ 27 ᠤ ᠡᠳᠦᠷ ᠬᠦᠷᠲᠡᠯ᠎ᠡ ᠦᠬᠠᠨ ᠬᠤᠲᠠᠨ᠎ᠠ ᠵᠤᠬᠢᠶᠠᠨ ᠪᠠᠶᠢᠭᠤᠯᠤᠬᠳᠠᠨ᠎ᠠ᠃ ᠲᠤᠰ ᠪᠡᠶ᠎ᠡ ᠶᠢᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠬᠢᠨ 8 ᠰᠠᠷ᠎ᠠ ᠡᠴᠡ 10 ᠰᠠᠷ᠎ᠠ ᠬᠦᠷᠲᠡᠯ᠎ᠡ ᠤᠯᠤᠰ ᠳᠠᠶᠠᠭᠠᠷ ᠤᠨ ᠪᠦᠬᠦ ᠴᠡᠷᠢᠭ ᠤᠨ ᠳᠤᠮᠳᠠ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠠᠪᠤᠭᠤᠯᠤᠨ᠎ᠠ ᠭᠡᠵᠡᠢ᠃

ᠡᠦ ᠴᠢᠶᠠᠨ ᠶᠠᠷᠢᠶᠠᠨ ᠳᠠᠭᠠᠨ᠂ ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ ᠤ ᠴᠢᠬᠤᠯᠠ ᠰᠤᠷᠲᠠᠯᠴᠢᠯᠠᠭ᠎ᠠ ᠶᠢᠨ ᠠᠵᠢᠯ ᠪᠤᠯᠬᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠨᠢ ᠤᠯᠤᠰ ᠢ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠦᠭᠰᠡᠨ ᠠᠭᠤᠤ ᠶᠡᠬᠡ ᠠᠮᠵᠢᠯᠲᠠ ᠵᠢ ᠬᠠᠷᠠᠭᠤᠯᠵᠦ᠂ ᠡᠩᠬᠡ ᠲᠠᠶᠢᠪᠤᠩ ᠬᠦᠭᠵᠢᠯᠲᠡ ᠶᠢᠨ ᠤᠨᠤᠯ ᠢ ᠰᠤᠷᠲᠠᠯᠴᠢᠯᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠤᠶᠤᠯ ᠢ ᠮᠠᠨᠳᠤᠭᠤᠯᠬᠤ ᠴᠢᠬᠤᠯᠠ ᠠᠴᠢᠶᠠᠯᠠᠪᠤᠷᠢ᠂ ᠨᠡᠶᠢᠭᠡᠮ ᠤᠨ ᠡᠯ᠎ᠡ ᠡᠲᠡᠭᠡᠳ ᠪᠤᠯᠤᠨ ᠪᠦᠬᠦ ᠳᠠᠷᠤᠭ᠎ᠠ ᠪᠠᠶᠢᠯᠳᠤᠬᠴᠢᠳ ᠤᠨ 《ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ ᠢ ᠠᠩᠬᠠᠷᠬᠤ᠂ ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ ᠢ ᠳᠡᠮᠵᠢᠬᠦ᠂ ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ ᠳᠤ ᠤᠷᠤᠯᠴᠠᠬᠤ》ᠤᠷᠮ᠎ᠠ ᠰᠡᠳᠬᠢᠯᠭᠡ ᠵᠢ ᠬᠦᠭᠵᠢᠭᠡᠨ᠂ ᠴᠡᠷᠢᠭ ᠤᠨ ᠪᠡᠶ᠎ᠡ ᠶᠢᠨ ᠲᠠᠮᠢᠷ ᠤᠨ ᠴᠤᠬᠯᠠᠭᠠᠨ ᠢ ᠠᠮᠵᠢᠯᠲᠠ ᠲᠠᠢ ᠵᠤᠬᠢᠶᠠᠨ ᠪᠠᠶᠢᠭᠤᠯᠬᠤ ᠰᠠᠶᠢᠨ ᠠᠭᠤᠷ ᠠᠮᠢᠰᠬᠤᠯ ᠢ ᠪᠤᠢ ᠪᠤᠯᠭᠠᠨ᠎ᠠ᠃ ᠤᠳᠤ ᠭᠠᠯ ᠪᠠᠮᠪᠠᠷ ᠳᠠᠮᠵᠢᠭᠤᠯᠬᠤ ᠶᠢᠨ ᠪᠡᠯᠡᠳᠬᠡᠯ ᠠᠵᠢᠯ ᠨᠢ ᠨᠢᠭᠡᠨᠲᠡ ᠰᠡᠭᠦᠯ ᠤᠨ ᠱᠠᠲᠤᠨ ᠳᠤ ᠤᠷᠤᠭᠠᠳ ᠪᠤᠢ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ