67f018c4-14dc-4db7-b5f8-8784138232cb.jpg

2019 ᠤᠨ ᠤ ᠤᠯᠤᠰ ᠤᠨ ᠡᠮᠡᠭᠲᠡᠢ ᠶᠢᠨ ᠰᠠᠬᠰᠤᠨ ᠪᠦᠮᠪᠦᠭᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠶᠠᠬ ᠦᠪᠦᠷ ᠮᠤᠩᠭᠤᠯ ᠤᠨ ᠬᠦᠬᠡᠬᠤᠲᠠ ᠳᠤ ᠢᠳᠡ ᠬᠦᠴᠦᠲᠡᠢ ᠶᠠᠪᠤᠬᠳᠠᠵᠦ ᠪᠤᠢ᠃ ᠦᠪᠦᠷ ᠮᠤᠩᠭᠤᠯ ᠤᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠨᠢ 34 ᠵᠢᠯ ᠤᠨ ᠳᠠᠷᠠᠭ᠎ᠠ ᠳᠠᠬᠢᠨᠲᠠ ᠲᠡᠮᠡᠴᠡᠭᠡᠨ ᠳᠤ ᠦᠷᠢᠰᠦᠯᠳᠦᠵᠦ ᠲᠦᠷᠦᠭᠦᠦ ᠭᠤᠷᠪᠠᠨ ᠲᠠᠯᠠᠪᠠᠢ ᠲᠡᠮᠡᠴᠡᠭᠡᠨ ᠳᠤ 2 ᠢᠯᠠᠵᠦ 1 ᠢᠯᠠᠬᠳᠠᠵᠠᠢ᠃

ᠦᠪᠦᠷ ᠮᠤᠩᠭᠤᠯ ᠤᠨ ᠨᠥᠩ ᠰᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠤᠨ ᠠᠩᠬᠠᠨ ᠤ ᠦᠷᠢᠰᠦᠯᠳᠦᠭᠴᠢ ᠨᠢ CUBA ᠪᠠᠷᠠᠭᠤᠨ ᠬᠤᠶᠢᠲᠤ ᠶᠢᠨ ᠲᠡᠮᠡᠴᠡᠭᠡᠨ ᠳᠤ ᠲᠠᠷᠢᠭᠦᠯᠡᠭᠰᠡᠨ ᠬᠦᠬᠡᠨᠠᠭᠤᠷ ᠤᠨ ᠪᠠᠬᠰᠢ ᠶᠢᠨ ᠶᠡᠬᠡ ᠰᠤᠷᠭᠠᠭᠤᠯᠢ ᠶᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠪᠠᠶᠢᠯ᠎ᠠ᠃ ᠲᠦᠷᠪᠡᠬᠡᠨ ᠡᠳᠦᠷ ᠤᠨ ᠬᠠᠮᠲᠤ ᠶᠢᠨ ᠰᠤᠷᠭᠠᠯᠲᠠ ᠬᠢᠭᠰᠡᠨ ᠨᠥᠩ ᠰᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠨᠢ 98᠄ 79 ᠶᠢᠨ ᠠᠮᠵᠢᠯᠲᠠ ᠪᠡᠷ ᠬᠦᠬᠡᠨᠠᠭᠤᠷ ᠤᠨ ᠪᠠᠬᠰᠢ ᠶᠢᠨ ᠶᠡᠬᠡ ᠰᠤᠷᠭᠠᠭᠤᠯᠢ ᠶᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠢ ᠢᠯᠠᠵᠠᠢ᠃ ᠳᠠᠷᠠᠭ᠎ᠠ ᠨᠢ ᠯᠢᠶᠤᠤᠨᠢᠩ ᠤᠨ ᠵᠦᠩ ᠳ᠋ᠠ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠲᠠᠢ ᠦᠷᠢᠰᠦᠯᠳᠦᠵᠦ᠂ ᠦᠪᠦᠷ ᠮᠤᠩᠭᠤᠯ ᠤᠨ ᠨᠥᠩ ᠰᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠨᠢ ᠬᠠᠷᠠᠮᠰᠠᠯᠲᠠᠢ ᠪᠡᠷ 82᠄ 97 ᠪᠡᠷ ᠢᠯᠠᠬᠳᠠᠵᠠᠢ᠃ ᠭᠤᠷᠪᠠᠳᠤᠭᠠᠷ ᠲᠠᠯᠠᠪᠠᠢ ᠲᠡᠮᠡᠴᠡᠭᠡᠨ ᠳᠤ 88᠄ 62 ᠪᠡᠷ ᠱᠠᠨᠰᠢ ᠶᠢᠨ ᠲᠢᠶᠠᠨ ᠽᠸ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠢ ᠢᠯᠠᠪᠠ᠃

ᠬᠤᠶᠠᠳᠤᠭᠠᠷ ᠲᠠᠯᠠᠪᠠᠢ ᠲᠡᠮᠡᠴᠡᠭᠡᠨ ᠳᠠᠭᠤᠰᠤᠬᠰᠠᠨ ᠤ ᠬᠤᠶᠢᠨ᠎ᠠ ᠦᠪᠦᠷ ᠮᠤᠩᠭᠤᠯ ᠤᠨ ᠰᠠᠬᠰᠤᠨ ᠪᠦᠮᠪᠦᠭᠡ ᠶᠢᠨ ᠨᠡᠶᠢᠭᠡᠮᠯᠢᠭ ᠤᠨ ᠲᠠᠷᠢᠭᠦᠯᠡᠭᠴᠢ ᠪᠠᠭᠠᠲᠤᠷ ᠦᠪᠦᠷ ᠮᠤᠩᠭᠤᠯ ᠤᠨ ᠪᠦᠮᠪᠦᠭᠡ ᠶᠢᠨ ᠪᠠᠬᠠᠳᠤᠳ ᠲᠤ ᠵᠠᠬᠢᠳᠠᠯ ᠪᠢᠴᠢᠵᠡᠢ᠃ ᠲᠡᠷᠡᠪᠡᠷ ᠵᠠᠬᠢᠳᠠᠯ ᠳᠠᠭᠠᠨ᠂ ᠦᠪᠦᠷ ᠮᠤᠩᠭᠤᠯ ᠤᠨ ᠨᠥᠩ ᠰᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠤᠨ ᠬᠢᠨ ᠤ ᠲᠡᠮᠡᠴᠡᠭᠡᠨ ᠤ ᠪᠠᠶᠢᠳᠠᠯ ᠢ ᠦᠨᠳᠦᠷ ᠦᠨᠡᠯᠡᠵᠦ᠂ 《ᠳᠡᠳᠡᠨᠠᠷ ᠤᠨ ᠲᠡᠮᠡᠴᠡᠭᠡᠨ ᠤ ᠲᠠᠯᠠᠪᠠᠢ ᠳᠡᠬᠢ ᠡᠷᠴᠢ ᠵᠤᠷᠢᠬ᠂ ᠤᠪᠤᠷ ᠰᠤᠷᠳᠠᠯ ᠵᠢᠴᠢ ᠬᠤᠪᠢ ᠬᠦᠮᠦᠨ ᠤ ᠤᠷ᠎ᠠ ᠴᠢᠳᠠᠪᠤᠷᠢ ᠵᠡᠷᠭᠡ ᠨᠢ ᠪᠦᠷ ᠮᠠᠬᠲᠠᠭᠤᠰᠢᠲᠠᠢ᠂ ᠲᠠᠰᠬᠠᠯᠵᠢᠬᠤ ᠴᠠᠬ ᠤᠨ ᠨᠡᠮᠡᠭᠳᠡᠬᠦ ᠵᠢ ᠳᠠᠭᠠᠯᠲᠤᠨ ᠪᠠᠬ ᠤᠨ ᠦᠬᠢᠳ  ᠤᠨ ᠬᠤᠭᠤᠷᠤᠨᠳᠤᠬᠢ ᠤᠶᠢᠯᠠᠭᠠᠯᠴᠠᠭ᠎ᠠ ᠬᠢᠭᠡᠳ ᠲᠤᠬᠢᠷᠠᠯᠴᠠᠭ᠎ᠠ ᠨᠢ ᠨᠡᠩ ᠰᠠᠶᠢᠨ ᠪᠤᠯᠤᠨ᠎ᠠ ᠭᠡᠳᠡᠭ ᠲᠤ ᠪᠢ ᠢᠲᠡᠭᠡᠵᠦ ᠪᠤᠢ》  ᠭᠡᠵᠡᠢ᠃

ᠪᠠᠭᠠᠲᠤᠷ ᠪᠠᠰᠠ ᠦᠪᠦᠷ ᠮᠤᠩᠭᠤᠯ ᠤᠨ ᠨᠥᠩ ᠰᠢᠨ ᠡᠮᠡᠭᠲᠡᠢ ᠶᠢᠨ ᠰᠠᠬᠰᠤᠨ ᠪᠦᠮᠪᠦᠭᠡ ᠶᠢᠨ ᠪᠠᠬ ᠢ ᠬᠠᠯᠠᠮᠵᠢᠯᠠᠵᠦ ᠠᠩᠬᠠᠷᠴᠤ ᠪᠠᠶᠢᠭ᠎ᠠ ᠪᠦᠮᠪᠦᠭᠡ ᠶᠢᠨ ᠪᠠᠬᠠᠳᠤᠳ ᠲᠤ ᠲᠠᠯᠠᠷᠬᠠᠯ ᠢᠶᠡᠨ ᠢᠯᠡᠳᠬᠡᠵᠦ᠂ ᠪᠠᠬ ᠤᠨ ᠦᠬᠢᠳ ᠲᠤ ᠵᠢᠭᠠᠬᠠᠨ ᠴᠠᠬ ᠦᠭᠬᠦ ᠵᠢ ᠪᠠᠬᠠᠳᠤᠳ ᠲᠦ ᠬᠦᠰᠡᠵᠡᠢ᠃ 《ᠨᠢᠭᠡ ᠪᠠᠬ ᠤᠨ ᠬᠡᠪ ᠨᠠᠮᠪᠠ᠂ ᠵᠠᠩ ᠶᠦᠩ ᠵᠢᠶᠦ᠋ᠨ ᠲᠠᠰᠬᠠᠯᠵᠢᠭᠤᠯᠤᠬᠴᠢ ᠶᠢᠨ ᠬᠡᠪ ᠨᠠᠮᠪᠠ ᠴᠤ ᠭᠡᠰᠡᠨ ᠠᠳᠠᠯᠢ᠂ ᠭᠠᠬᠴᠠ ᠬᠤᠶᠠᠷ ᠴᠠᠬ ᠢᠶᠡᠷ ᠪᠦᠷᠢᠯᠳᠦᠬᠦ ᠶᠤᠮ ᠪᠢᠰᠢ᠂ ᠬᠠᠷᠢᠨ ᠨᠡᠯᠢᠶᠡᠳ ᠴᠠᠬ ᠬᠡᠷᠡᠭᠰᠡᠨ᠎ᠡ᠃ ᠪᠠᠬ ᠤᠨ ᠭᠡᠰᠢᠭᠦᠳ ᠪᠤᠯᠭᠠᠨ ᠤ ᠬᠡᠪ ᠨᠠᠮᠪᠠ ᠠᠳᠠᠯᠢ ᠦᠭᠡᠢ ᠪᠠᠶᠢᠳᠠᠬ᠂ ᠡᠳᠡᠭᠡᠷ ᠢ ᠴᠠᠬ ᠵᠠᠷᠤᠴᠠᠭᠤᠯᠮᠠᠨᠵᠢᠨ ᠰᠠᠶᠢ ᠬᠤᠷᠠᠮᠳᠤᠭᠤᠯᠵᠦ ᠴᠢᠳᠠᠨ᠎ᠠ᠃ ᠦᠪᠦᠷ ᠮᠤᠩᠭᠤᠯ ᠤᠨ ᠰᠠᠬᠰᠤᠨ ᠪᠦᠮᠪᠦᠭᠡ ᠵᠢ ᠬᠠᠯᠠᠮᠵᠢᠯᠠᠨ ᠳᠡᠮᠵᠢᠵᠦ ᠪᠠᠶᠢᠭ᠎ᠠ ᠨᠠᠶᠢᠵᠠ ᠨᠠᠷ ᠤᠨ ᠪᠦᠮᠪᠦᠭᠡ ᠶᠢᠨ ᠪᠠᠬ ᠤᠨ ᠬᠢᠨ ᠳᠤ ᠲᠤᠷᠰᠢᠯᠭ᠎ᠠ ᠬᠤᠷᠠᠮᠳᠤᠭᠤᠯᠬᠤ ᠴᠠᠬ ᠤᠯᠭᠤᠬᠤ ᠵᠢ ᠬᠦᠰᠡᠵᠦ ᠪᠠᠶᠢᠨ᠎ᠠ》 ᠭᠡᠪᠡ᠃

ᠪᠠᠭᠠᠲᠤᠷ᠂ ᠦᠪᠦᠷ ᠮᠤᠩᠭᠤᠯ ᠤᠨ ᠰᠠᠬᠰᠤᠨ ᠪᠦᠮᠪᠦᠭᠡ ᠶᠢᠨ ᠬᠦᠭᠵᠢᠯᠲᠡ ᠶᠢᠨ ᠲᠤᠬᠠᠢ ᠪᠠᠨ ᠶᠠᠷᠢᠬᠤ ᠳᠤ ᠦᠪᠦᠷ ᠮᠤᠩᠭᠤᠯ ᠤᠨ ᠰᠠᠬᠰᠤᠨ ᠪᠦᠮᠪᠦᠭᠡ ᠶᠢᠨ ᠢᠷᠡᠭᠡᠳᠦᠢ ᠰᠠᠷᠠᠭᠤᠯ᠂ 《ᠪᠢᠳᠡ ᠪᠦᠬᠦᠨ ᠤ ᠴᠢᠷᠮᠠᠶᠢᠯᠭ᠎ᠠ᠂ ᠪᠦᠮᠪᠦᠭᠡ ᠶᠢᠨ ᠪᠠᠬᠠᠳᠤᠳ ᠤᠨ ᠳᠡᠮᠵᠢᠯᠭᠡ ᠪᠡᠷ ᠪᠢᠳᠡᠨ ᠤ ᠪᠦᠮᠪᠦᠭᠡ ᠶᠢᠨ ᠪᠠᠬ ᠤᠯᠠᠮ ᠰᠠᠶᠢᠨ ᠪᠤᠯᠤᠨ᠎ᠠ ᠭᠡᠳᠡᠭ ᠲᠤ ᠪᠢ ᠢᠲᠡᠭᠡᠵᠦ ᠪᠤᠢ》 ᠭᠡᠪᠡ᠃

ᠢᠷᠡᠯᠳᠡ : 

 ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ