e6b810f7-5998-448f-babf-bef3edbedd06.jpg

2008 ᠤᠨ ᠤ ᠪᠡᠭᠡᠵᠢᠩ ᠤᠨ ᠤᠯᠢᠮᠫᠢᠺ ᠤᠨ ᠲᠠᠮᠢᠷ ᠤᠨ ᠴᠤᠬᠯᠠᠭᠠᠨ ‍ᠦᠩᠭᠡᠷᠡᠭᠡᠳ ᠨᠢᠬᠡᠨᠳᠠ 10 ᠭᠠᠷᠤᠢ ᠵᠢᠯ ᠪᠤᠯᠴᠢᠬᠠᠯ᠎ᠠ᠃ ᠲᠤᠰ ᠤᠳᠠᠭ᠎ᠠ ᠶᠢᠨ ᠤᠯᠢᠮᠫᠢᠺ ᠤᠨ ᠲᠠᠮᠢᠷ ᠤᠨ ᠴᠤᠬᠯᠠᠭᠠᠨ ᠤ ᠡᠷᠡᠭᠳᠠᠢ ᠶᠢᠨ 81 ᠺᠢᠯᠦᠭᠷᠡᠮ ᠤᠨ ᠲᠡᠰ ᠤᠨ ᠪᠤᠺᠰ ᠤᠨ ᠤᠷᠤᠯᠳᠤᠭᠠᠨ ᠳᠤ ᠮᠠᠩᠯᠠᠶᠢᠯᠠᠬᠰᠠᠨ᠂ ᠮᠠᠨ ᠤ ᠤᠷᠤᠨ ᠤ ᠴᠤᠷ ᠤᠨ ᠭᠠᠭᠴᠠ ᠤᠯᠢᠮᠫᠢᠺ ᠤᠨ ᠲᠠᠮᠢᠷ ᠤᠨ ᠴᠤᠬᠯᠠᠭᠠᠨ ᠤ ᠠᠯᠳᠠᠨ ᠮᠧᠳᠠᠯ ᠢ ᠡᠩᠭᠡᠷ ᠲᠡᠭᠡᠨ ᠬᠢᠯᠠᠯᠵᠠᠭᠤᠯᠤᠬᠰᠠᠨ ᠲᠠᠮᠢᠷᠴᠢᠨ ᠵᠠᠩ ᠰᠢᠶᠤᠤ ᠫᠢᠡᠭ ᠤᠳᠤᠬᠠᠨ ᠳᠤ ᠬᠠᠮᠢᠭ᠎ᠠ ᠶᠠᠭᠤ ᠬᠢᠵᠥ ᠪᠠᠶᠢᠬᠤ ᠪᠤᠢ︖ ᠠᠷᠤ ᠭᠡᠷ ᠠᠵᠢᠯ ᠠᠮᠢᠳᠤᠷᠠᠯ ᠨᠢ ᠶᠠᠮᠠᠷᠰᠢᠤ ᠪᠠᠶᠢᠬᠤ ᠲᠤᠬᠠᠢ ᠲᠠᠮᠢᠷ ᠤᠨ ᠪᠠᠭ᠋ᠠᠳᠠᠳ ᠶᠡᠷᠥᠨᠢ ᠠᠩᠬᠠᠷᠤᠨ ᠬᠠᠯᠠᠮᠵᠢᠯᠠᠬᠰᠠᠭᠠᠷ ᠪᠥᠭᠡᠳ ᠰᠤᠷᠠᠬ ᠬᠠᠶᠢᠵᠥ ᠪᠠᠶᠢᠯ᠎ᠠ᠃ ᠥᠢᠷ᠎ᠠ ᠳᠤ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠠᠰᠠᠭᠠᠬᠤ ᠵᠢᠴᠢ ᠭᠠᠯ ᠪᠠᠮᠪᠠᠷ ᠲᠠᠮᠵᠢᠭᠤᠯᠬᠤ ᠠᠩᠬᠠᠨ ᠤ ᠥᠷᠳᠡᠭᠡ ᠶᠢᠨ ᠠᠵᠢᠯᠯᠠᠭ᠎ᠠ ᠤᠯᠠᠭᠠᠨᠬᠤᠳᠠ ᠳᠤ ᠶᠠᠪᠤᠭᠳᠠᠵᠥ᠂ ᠲᠠᠮᠢᠷᠴᠢᠨ ᠵᠠᠩ ᠰᠢᠶᠤᠤ ᠫᠢᠡᠭ ᠲᠥᠷᠥᠬᠦᠥ ᠭᠠᠯ ᠪᠠᠮᠪᠠᠷᠴᠢᠨ ᠢᠶᠠᠷ ᠤᠷᠤᠯᠴᠠᠬᠤ ᠲᠠᠰᠢᠷᠠᠮ ᠢᠶᠠᠷ ᠰᠤᠷᠪᠤᠯᠵᠢᠯᠠᠬᠴᠢ ᠭᠠᠯ ᠪᠠᠮᠪᠠᠷᠴᠢᠨ ᠪᠤᠯᠤᠬᠰᠠᠨ ᠤᠯᠤᠯᠳᠠ ᠲᠥᠷᠥᠭᠳᠡᠯ᠂ ᠵᠠᠯᠠᠭᠤ ᠨᠢᠬᠡ ᠥᠶ᠎ᠠ ᠶᠢᠨ ᠠᠵᠢᠯ ᠮᠡᠷᠭᠡᠵᠢᠯ ᠤᠨ ᠪᠤᠯᠪᠠᠰᠤᠷᠠᠯ ᠬᠥᠮᠥᠵᠢᠯ ᠬᠢᠵᠦ ᠪᠠᠶᠢᠬᠤ ᠵᠡᠷᠭᠡ ᠶᠢᠨ ᠬᠢᠨᠢ ᠲᠤᠬᠠᠢ ᠲᠡᠬᠦᠨ ᠢ ᠰᠤᠷᠪᠤᠯᠵᠢᠯᠠᠵᠥ ᠪᠢᠯᠠ᠃

 ᠪᠤᠺᠰ ᠤᠨ ᠠᠵᠢᠯ ᠮᠡᠷᠭᠡᠵᠢᠯ ᠤᠨ ᠰᠤᠷᠢᠭ᠎ᠠ ᠪᠤᠯᠪᠠᠰᠤᠷᠠᠯ ᠠᠴᠠ ᠪᠠᠨ ᠰᠠᠯᠤᠬᠰᠠᠨ ᠤ ᠲᠠᠷᠠᠭ᠎ᠠ ᠵᠠᠩ ᠰᠢᠶᠤᠤ ᠫᠢᠡᠭ ᠮᠥᠨ ᠪᠤᠺᠰ ᠤᠨ ᠠᠵᠢᠯ ᠮᠡᠷᠭᠡᠵᠢᠯ ᠤᠨ ᠥᠨᠳᠤᠷ ᠠᠮᠵᠢᠯᠳᠠ ᠪᠥᠳᠥᠮᠵᠢ᠂ ᠴᠢᠨᠠᠷ ᠰᠠᠶᠢᠳᠠᠢ ᠬᠥᠭᠵᠢᠯᠳᠠ ᠲᠠᠢ ᠪᠠᠶᠢᠬᠤ ᠶᠢ ᠠᠩᠬᠠᠷᠤᠨ ᠬᠠᠯᠠᠮᠵᠢᠯᠠᠬᠰᠠᠭᠠᠷ ᠪᠠᠶᠢᠨ᠎ᠠ᠃ 《ᠥᠪᠥᠷ ᠮᠤᠩᠭᠤᠯ ᠤᠨ ᠪᠤᠺᠰ ᠤᠨ ᠤᠷᠤᠯᠳᠤᠭᠠᠨ ᠤ ᠲᠥᠷᠥᠯ ᠤᠨ ᠴᠢᠨᠠᠷᠯᠢᠬ ᠲᠥᠷᠭᠡᠨ ᠬᠥᠭᠵᠢᠯᠳᠠ ᠪᠠ ᠨᠠᠩ ᠥᠨᠳᠤᠷ ᠠᠮᠵᠢᠯᠳᠠ ᠶᠢ ᠡᠬᠦᠳᠬᠦ ᠳᠤ ᠪᠤᠺᠰ ᠤᠨ ᠲᠠᠮᠢᠷᠴᠢᠳ ᠤᠨ ᠵᠠᠯᠠᠭᠤ ᠨᠢᠬᠡ ᠥᠶ᠎ᠠ ᠶᠢᠨ ᠴᠢᠳᠠᠪᠤᠷᠢᠳᠠᠨ ᠢ ᠬᠥᠮᠥᠵᠢᠬᠦᠯᠬᠦ ᠪᠠ ᠲᠠᠰᠬᠠᠯᠵᠢᠭᠤᠯᠬᠤ ᠶᠠᠪᠤᠳᠠᠯ ᠪᠤᠯ ᠲᠤᠩ ᠴᠢᠬᠤᠯᠠ᠃ ᠥᠪᠥᠷ ᠮᠤᠩᠭᠤᠯ ᠤᠨ ᠪᠤᠺᠰ ᠤᠨ ᠲᠠᠮᠢᠷ ᠤᠨ ᠲᠥᠷᠥᠯ ᠤᠨ ᠪᠤᠯᠪᠠᠰᠤᠷᠠᠯ ᠳᠤ ᠨᠠᠩ ᠢᠳᠡᠷ ᠴᠢᠬᠢᠷᠠᠬ ᠪᠡᠯᠡᠳᠭᠡᠯ ᠬᠥᠴᠥᠨ ᠢ ᠭᠥᠮᠥᠵᠢᠬᠦᠯᠬᠦ ᠶᠢᠨ ᠲᠥᠯᠥᠭᠡ᠂ 2016 ᠤᠨ ᠤ 1 ᠰᠠᠷ᠎ᠠ ᠶᠢᠨ 23 ᠤ ᠡᠳᠤᠷ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠵᠠᠩ ᠰᠢᠶᠤᠤ ᠫᠢᠡᠭ ᠤᠨ ᠪᠤᠺᠰ ᠤᠨ ᠺᠯᠦ᠋ᠪ ᠢ ᠪᠠᠶᠢᠭᠤᠯᠵᠥ᠂ ᠤᠳᠤᠬᠠᠨ ᠪᠤᠯᠳᠠᠯ᠎ᠠ ᠨᠡᠶᠢᠳᠠ 50 ᠭᠠᠷᠤᠢ ᠵᠠᠯᠠᠭᠤ ᠪᠤᠺᠰ ᠤᠨ ᠲᠡᠮᠢᠷᠴᠢᠨ ᠢ ᠬᠥᠮᠥᠵᠢᠬᠦᠯᠵᠥ ᠪᠤᠢ》 ᠬᠡᠵᠥ ᠲᠡᠷᠡ ᠲᠠᠨᠢᠯᠴᠠᠭᠤᠯᠵᠥ ᠪᠢᠯᠠ᠃  

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ