ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠥᠢᠯᠡᠰ ᠢ ᠬᠥᠭᠵᠢᠬᠦᠯᠬᠦ ᠪᠤᠯ 《ᠡᠷᠡᠭᠦᠯ ᠡᠩᠭᠡ ᠥᠪᠥᠷ ᠮᠤᠩᠭᠤᠯ 》 ᠢ ᠪᠠᠶᠢᠭᠤᠯᠬᠤ ᠪᠤᠰᠤᠳᠴᠢ ᠱᠠᠭᠠᠷᠳᠠᠯᠭ᠎ᠠ ᠪᠤᠯᠬᠤ ᠶᠤᠮ᠃ ᠲᠥᠷᠥᠬᠦᠬᠡᠨ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠪᠠ ᠥᠪᠡᠷᠳᠡᠭᠡᠨ ᠵᠠᠰᠠᠬᠤ ᠤᠷᠤᠨ ᠤ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠬᠠᠮᠳᠤᠷᠠᠨ᠂ 《ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠭᠡᠷᠡᠭᠵᠢᠬᠦᠯᠬᠦ ᠰᠠᠨᠠᠯ》 ᠢ ᠨᠡᠶᠢᠳᠠᠯᠠᠪᠠ᠃ ᠡᠨᠡ ᠨᠢ ᠮᠠᠨ ᠤ ᠤᠷᠤᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠰᠢᠨ᠎ᠠ ᠠᠵᠠ ᠲᠤᠬᠢᠶᠠᠯ ᠢᠶᠠᠨ ᠤᠬᠳᠤᠬᠰᠠᠨ ᠢ ᠬᠠᠷᠠᠭᠤᠯᠵᠥ ᠪᠤᠢ᠃

《ᠰᠠᠨᠠᠯ》ᠳᠤ᠂ 2025 ᠤᠨ ᠪᠤᠯᠳᠠᠯ᠎ᠠ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠪᠥᠬᠦ ᠤᠷᠤᠨ ᠳᠠᠬᠢ ᠲᠥᠭᠡᠮᠡᠯᠵᠢᠬᠦᠯᠥᠯᠳᠠ ᠶᠢᠨ ᠬᠡᠮᠵᠢᠶ᠎ᠠ ᠶᠢ ᠤᠯᠠᠮ ᠨᠢᠬᠡ ᠠᠯᠬᠤᠮ ᠲᠡᠰ ᠲᠡᠪᠰᠢᠬᠦᠯᠵᠥ᠂ ᠨᠢᠬᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠭᠤᠤᠯᠯᠠᠬᠴᠢ ᠡᠩᠨᠡᠭᠡ ᠶᠢ ᠬᠥᠮᠥᠵᠢᠬᠦᠯᠵᠥ᠂ ᠨᠢᠭᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠵᠢᠱᠢᠶ᠎ᠠ ᠥᠵᠡᠬᠦᠯᠬᠦ ᠰᠠᠭᠤᠷᠢᠨ ᠢ ᠪᠠᠶᠢᠭᠤᠯᠤᠨ᠂ ᠨᠢᠭᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠥᠯ ᠲᠡᠮᠳᠡᠭᠳᠤ ᠤᠷᠤᠯᠳᠤᠭᠠᠨ ᠤ ᠠᠵᠢᠯᠯᠠᠭ᠎ᠠ ᠶᠢ ᠪᠤᠢ ᠪᠤᠯᠭᠠᠨ᠎ᠠ ᠁ ᠥᠨᠳᠤᠰᠤᠳᠠᠨ ᠤ ᠪᠥᠯᠬᠦᠮᠳᠠᠯ ᠢ ᠠᠬᠢᠭᠤᠯᠬᠤ᠂ ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢ ᠪᠥᠳᠥᠭᠡᠨ ᠪᠠᠶᠢᠭᠤᠯᠬᠤ ᠳᠤ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠥᠪᠥᠷ ᠮᠤᠩᠭᠤᠯ ᠤᠨ ᠴᠢᠬᠤᠯᠠ ᠰᠤᠶᠤᠯ ᠤᠨ ᠨᠡᠷᠡᠳᠤ ᠲᠡᠮᠳᠡᠭ ᠪᠤᠯᠭᠠᠬᠤ ᠭᠡᠷᠡᠭᠳᠠᠢ ᠬᠡᠵᠡᠢ᠃ ᠡᠨᠡ ᠬᠦ ᠨᠠᠷᠢᠯᠢᠬ ᠪᠠᠶᠢᠷᠢᠯᠠᠭᠤᠯᠤᠯᠳᠠ ᠨᠢ ᠮᠠᠨ ᠤ ᠤᠷᠤᠨ ᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠳᠤ ᠨᠠᠩ ᠰᠠᠷᠠᠭᠤᠯ ᠲᠠᠷᠳᠠᠩ ᠢᠷᠡᠭᠡᠳᠤᠢ ᠶᠢ ᠴᠤᠬᠴᠠᠯᠠᠨ᠂ ᠲᠥᠷᠭᠡᠨ ᠬᠥᠭᠵᠢᠯᠳᠠ ᠳᠤ ᠵᠢᠬᠦᠷ ᠤᠷᠭᠤᠭᠤᠯᠬᠤ ᠨᠢ ᠲᠠᠮᠵᠢᠬ ᠥᠬᠡᠢ᠃

ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ ᠨᠠᠭᠠᠳᠤᠮ ᠰᠤᠶᠤᠯ ᠤᠨ ᠨᠠᠶᠢᠷ ᠢ ᠡᠷᠬᠢᠯᠡᠨ ᠶᠠᠪᠤᠬᠳᠠᠭᠤᠯᠤᠬᠰᠠᠨ ᠨᠢ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠭᠥᠭᠵᠢᠯᠳᠠ ᠳᠤ ᠬᠥᠴᠥᠨ ᠨᠡᠮᠡᠷᠢᠯᠡᠭᠰᠡᠨ ᠶᠠᠪᠤᠳᠠᠯ ᠪᠤᠯᠬᠤ ᠶᠤᠮ᠃ ᠥᠪᠡᠷᠳᠡᠭᠡᠨ ᠵᠠᠰᠠᠬᠤ ᠤᠷᠤᠨ ᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠬᠦᠬᠡᠬᠤᠳᠠ ᠦᠨᠳᠦᠰᠦᠳᠡᠨ ᠤ ᠳᠡᠬᠡᠳᠤ ᠰᠤᠷᠭᠠᠭᠤᠯᠢ ᠶᠢᠨ ᠰᠤᠷᠭᠠᠭᠤᠯᠢ ᠶᠢᠨ ᠬᠥᠷᠢᠶᠠᠨ ᠤ ᠰᠤᠶᠤᠯ ᠤᠨ ᠰᠤᠳᠤᠨ ᠲᠥᠷᠥᠯ ᠵᠦᠢᠯ ᠢᠶᠠᠷ ᠥᠯᠢᠭᠡᠷ ᠭᠡᠪ ᠪᠤᠯᠭᠠᠨ᠂ ᠰᠢ ᠶᠢᠨ ᠫᠢᠡᠭ ᠤᠨ ᠰᠢᠨ᠎ᠠ ᠴᠠᠬ ᠥᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠥ᠂ ᠥᠨᠳᠤᠰᠤᠳᠠᠨ ᠤ ᠪᠥᠯᠬᠦᠮᠳᠠᠯ ᠲᠠᠪᠰᠢᠯᠳᠠ ᠪᠠ ᠤᠯᠠᠨ ᠲᠥᠮᠡᠨ ᠤ ᠪᠡᠶ᠎ᠠ ᠮᠠᠬᠠᠪᠤᠳ ᠤᠨ ᠡᠷᠡᠬᠦᠯ ᠮᠡᠨᠲᠦ ᠶᠢ ᠠᠬᠢᠭᠤᠯᠬᠤ ᠵᠤᠷᠢᠯᠭ᠎ᠠ ᠶᠢᠨ ᠲᠤᠭᠤᠷᠢᠨ ᠳᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠢ ᠤᠯᠠᠮᠵᠢᠯᠠᠨ ᠬᠥᠭᠵᠢᠬᠦᠯᠬᠦ ᠶᠢ ᠠᠬᠢᠭᠤᠯᠵᠥ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠨᠤᠯ ᠤᠨ ᠪᠠᠶᠢᠭᠤᠯᠤᠯᠳᠠ ᠶᠢ ᠴᠢᠩᠭᠠᠳᠬᠠᠵᠥ᠂ ᠥᠨᠳᠤᠰᠤᠳᠠᠨ ᠤ ᠰᠤᠷᠭᠠᠨ ᠬᠥᠮᠥᠵᠢᠯ᠂ ᠥᠨᠳᠤᠰᠤᠳᠠᠨ ᠤ ᠰᠤᠶᠤᠯ᠂ ᠥᠨᠳᠤᠰᠤᠳᠠᠨ ᠤ ᠪᠡᠶ᠎ᠠ ᠶᠢᠨ ᠲᠠᠮᠢᠷ ᠤᠨ ᠥᠢᠯᠡᠰ᠂ ᠥᠨᠳᠤᠰᠤᠳᠠᠨ ᠤ ᠪᠥᠯᠬᠦᠮᠳᠠᠯ ᠲᠠᠪᠰᠢᠯᠳᠠ ᠶᠢ ᠠᠬᠢᠭᠤᠯᠤᠬᠰᠠᠨ ᠴᠤᠬᠯᠠᠭᠠᠨ ᠢ ᠤᠯᠠᠨ ᠡᠷᠬᠢᠯᠡᠵᠦ᠂ ᠮᠤᠩᠭᠤᠯ ᠥᠨᠳᠤᠰᠤᠳᠠᠨ ᠤ ᠤᠯᠠᠮᠵᠢᠯᠠᠯᠳᠤ ᠰᠢᠯᠢᠳᠡᠭ ᠰᠤᠶᠤᠯ ᠤᠨ ᠬᠦᠭᠵᠢᠯ ᠪᠠᠲᠠᠷᠠᠯ ᠢ ᠲᠠᠶᠠᠭᠠᠷ ᠲᠤ ᠲᠡᠯᠭᠡᠨ ᠥᠵᠡᠬᠦᠯᠬᠦ ᠴᠤᠩᠬᠤᠪᠴᠢ ᠪᠤᠯᠭᠠᠪᠠᠯ ᠵᠤᠬᠢᠨ᠎ᠠ᠃ 

ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠪᠤᠯ ᠥᠪᠥᠷ ᠮᠤᠩᠭᠤᠯ ᠤᠨ ᠪᠡᠶ᠎ᠠ ᠶᠢᠨ ᠲᠠᠮᠢᠷ ᠤᠨ ᠥᠢᠯᠡᠰ ᠤᠨ ᠴᠢᠬᠤᠯᠠ ᠪᠥᠷᠢᠯᠳᠥᠬᠦᠨ ᠬᠡᠰᠡᠭ ᠪᠥᠬᠡᠳ ᠥᠪᠡᠷᠳᠡᠭᠡᠨ ᠵᠠᠰᠠᠬᠤ ᠤᠷᠤᠨ ᠤ ᠬᠤᠪᠤᠷ ᠨᠠᠨᠳᠢᠨ ᠰᠤᠶᠤᠯ ᠤᠨ ᠥᠪ ᠪᠤᠯᠬᠤ ᠶᠤᠮ᠃ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠠᠭᠤᠷᠢᠨ ᠢ ᠪᠠᠶᠢᠭᠤᠯᠵᠥ᠂ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠡᠵᠢᠯᠯᠠᠭ᠎ᠠ ᠶᠢ ᠪᠡᠶᠡᠯᠢᠬᠵᠢᠭᠤᠯᠵᠥ᠂ ᠥᠨᠳᠤᠰᠤᠳᠠᠨ ᠨᠦᠭᠦᠳ ᠤᠨ ᠤᠯᠠᠨ ᠲᠥᠮᠡᠨ ᠤ ᠡᠳᠤᠷ ᠢᠷᠡᠬᠦᠶ᠎ᠠ ᠨᠡᠮᠡᠭᠳᠡᠵᠥ ᠪᠠᠶᠢᠭ᠎ᠠ ᠰᠠᠶᠢᠨ ᠠᠮᠢᠳᠤᠷᠠᠯ ᠤᠨ ᠲᠤᠬᠠᠢ ᠭᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠥᠬᠡᠢ ᠬᠠᠨᠭ᠍ᠭᠠᠵᠥ᠂ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠳᠡᠯᠭᠡᠭᠡᠨ ᠢ ᠬᠦᠭᠵᠢᠭᠦᠯᠦᠨ ᠪᠠᠲᠠᠷᠠᠭᠠᠵᠦ ᠰᠢᠨ᠎ᠠ ᠲᠡᠭᠳᠡᠷ ᠲᠤ ᠭᠠᠷᠭᠠᠬᠤ ᠴᠢᠬᠤᠯᠠᠳᠠᠢ᠃(ᠦᠷᠭᠡᠨ)


ᠢᠷᠡᠯᠳᠡ : 

 ᠦᠪᠦᠷ ᠮᠤᠩᠭᠤᠯ ᠤᠨ ᠡᠳᠦᠷ ᠤᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ