ac87610a-82bc-4678-a582-9ac0d1c8df95.jpg

ᠠᠽᠢᠶ᠎ᠠ ᠲᠢᠪ ᠤᠨ ᠬᠦᠯ ᠪᠦᠮᠪᠦᠬᠡ ᠶᠢᠨ ᠬᠤᠯᠪᠤᠭ᠎ᠠ 4 ᠤ ᠡᠳᠤᠷ ᠫᠠᠷᠢᠰ ᠲᠤ ᠲᠤᠰᠬᠠᠢ ᠲᠦᠯᠦᠭᠡᠯᠡᠭᠴᠢᠳ ᠤᠨ ᠶᠡᠬᠡ ᠬᠤᠷᠠᠯ ᠬᠤᠷᠠᠯᠳᠤᠭᠤᠯᠵᠤ᠂ ᠲᠤᠮᠳᠠᠳᠤ ᠤᠯᠤᠰ 2023 ᠤᠨ ᠤ ᠠᠽᠢᠶ᠎ᠠ ᠲᠢᠪ ᠤᠨ ᠴᠤᠮᠤ ᠲᠡᠮᠡᠴᠡᠬᠡᠨ ᠢ ᠵᠤᠬᠢᠶᠠᠨ ᠪᠠᠶᠢᠭᠤᠯᠬᠤ ᠡᠷᠬᠡ  ᠶᠢ ᠤᠯᠤᠭᠰᠠᠨ ᠢ ᠲᠤᠳᠤᠷᠬᠠᠶᠢᠯᠠᠵᠤ᠂ ᠲᠤᠮᠳᠠᠳᠤ ᠤᠯᠤᠰ 2004 ᠤᠨ ᠤ ᠲᠠᠷᠠᠭ᠎ᠠ ᠪᠠᠷ ᠲᠠᠬᠢᠨᠳᠠ ᠡᠨᠡᠬᠦ ᠲᠡᠮᠡᠴᠡᠬᠡᠨ ᠢ ᠵᠤᠬᠢᠶᠠᠨ ᠪᠠᠶᠢᠭᠤᠯᠬᠤ ᠪᠤᠯᠤᠨ᠎ᠠ ᠬᠡᠵᠡᠢ᠃

2023 ᠤᠨ ᠤ ᠠᠽᠢᠶ᠎ᠠ ᠲᠢᠪ ᠤᠨ ᠴᠤᠮᠤ ᠲᠡᠮᠡᠴᠡᠬᠡᠨ ᠢ ᠡᠷᠬᠢᠯᠡᠬᠦ ᠠᠵᠢᠯ ᠢᠶᠡᠨ 2016 ᠤᠨ ᠡᠴᠡ ᠠᠯᠪᠠᠨ ᠶᠤᠰᠤ ᠪᠡᠷ ᠡᠬᠢᠯᠡᠬᠦᠯᠵᠤ᠂ ᠲᠤᠬᠠᠢ ᠶᠢᠨ ᠦᠶ᠎ᠡ ᠳᠤ ᠲᠤᠮᠳᠠᠳᠤ ᠤᠯᠤᠰ᠂ ᠢᠨᠳ᠋ᠤᠨᠧᠰᠢᠶ᠎ᠡ᠂ ᠺᠤᠷᠢᠶᠠ ᠪᠤᠯᠤᠨ ᠲᠠᠶᠢᠯᠠᠨᠳ᠋ ᠲᠦᠷᠪᠡᠨ ᠤᠯᠤᠰ ᠡᠷᠬᠢᠯᠡᠬᠦ ᠪᠡᠷ ᠡᠷᠡᠮᠡᠯᠵᠡᠯᠡᠭᠰᠡᠨ ᠪᠠᠶᠢᠨ᠎ᠠ᠃ ᠺᠤᠷᠢᠶᠠ ᠶᠢᠨ ᠬᠦᠯ ᠪᠦᠮᠪᠦᠬᠡ ᠶᠢᠨ ᠨᠡᠶᠢᠬᠡᠮᠯᠢᠭ᠌᠌ ᠦᠩᠬᠡᠷᠡᠭᠰᠡᠨ ᠰᠠᠷ᠎ᠠ ᠡᠷᠬᠢᠯᠡᠬᠦ ᠡᠴᠡ ᠲᠠᠳᠠᠭᠠᠯᠵᠠᠭᠰᠠᠨ ᠤ ᠲᠠᠷᠠᠭ᠎ᠠ ᠲᠤᠮᠳᠠᠳᠤ ᠤᠯᠤᠰ 2023 ᠤᠨ ᠤ ᠠᠽᠢᠶ᠎ᠠ ᠲᠢᠪ ᠤᠨ ᠴᠤᠷ ᠤᠨ ᠭᠠᠭᠴᠠ ᠡᠷᠬᠢᠯᠡᠬᠦ ᠤᠯᠤᠰ ᠪᠤᠯᠪᠠ᠂ ᠡᠬᠦᠨ ᠳᠤ ᠡᠷᠬᠢᠯᠡᠬᠦ ᠡᠷᠬᠡ ᠶᠢ ᠬᠠᠮᠤᠭ ᠤᠨ ᠡᠴᠦᠰ ᠲᠤ ᠠᠽᠢᠶ᠎ᠠ ᠲᠢᠪ ᠤᠨ ᠬᠦᠯ ᠪᠦᠮᠪᠦᠬᠡ ᠶᠢᠨ ᠬᠤᠯᠪᠤᠭᠠᠨ ᠤ ᠲᠤᠰᠬᠠᠢ ᠲᠦᠯᠦᠭᠡᠯᠡᠭᠴᠢᠳ ᠤᠨ ᠶᠡᠬᠡ ᠬᠤᠷᠠᠯ ᠢᠶᠡᠷ ᠲᠠᠮᠵᠢᠨ ᠲᠤᠳᠤᠷᠬᠠᠶᠢᠯᠠᠪᠠ᠃

ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶᠠᠨ ᠤ ᠲᠠᠷᠤᠭ᠎ᠠ᠂ ᠲᠤᠮᠳᠠᠳᠤ ᠤᠯᠤᠰ ᠤᠨ ᠬᠦᠯ ᠪᠦᠮᠪᠦᠬᠡ ᠶᠢᠨ ᠨᠡᠶᠢᠬᠡᠮᠯᠢᠭ᠌᠌ ᠤᠨ ᠨᠠᠮ ᠤᠨ ᠬᠤᠷᠢᠶᠠᠨ ᠤ ᠱᠦᠵᠢ ᠳ᠋ᠦ᠋ ᠵᠤᠤ ᠼᠠᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳ᠋ᠡᠬᠡᠨ᠂ 《 ᠲᠤᠮᠳᠠᠳᠤ ᠤᠯᠤᠰ ᠤᠨ ᠬᠦᠯ ᠬᠦᠮᠪᠦᠬᠡ ᠶᠢᠨ ᠦᠬᠡᠷᠡᠴᠢᠯᠡᠯᠳᠡ ᠬᠦᠭ᠍ᠵᠢᠯᠳᠡ ᠶᠢᠨ ᠶᠡᠷᠦᠩᠬᠡᠢ ᠲᠦᠰᠦᠯ》 ᠢ᠋ ᠬᠡᠷᠡᠭᠵᠢᠬᠦᠯᠦᠭᠰᠡᠨ ᠲᠦᠷᠪᠡᠨ ᠵᠢᠯ ᠤᠨ ᠲᠠᠷᠠᠭ᠎ᠠ ᠠᠽᠢᠶ᠎ᠠ ᠲᠢᠪ ᠤᠨ ᠴᠤᠮᠤ ᠲᠡᠮᠡᠴᠡᠬᠡᠨ ᠢ ᠡᠷᠬᠢᠯᠡᠬᠦ ᠪᠤᠯᠪᠠ᠂ ᠡᠨᠡ ᠨᠢ ᠲᠤᠮᠳᠠᠳᠤ ᠤᠯᠤᠰ ᠤᠨ ᠬᠦᠯ ᠪᠦᠮᠪᠦᠬᠡ ᠶᠢᠨ ᠦᠬᠡᠷᠡᠴᠢᠯᠡᠯᠳᠡ ᠪᠤᠯᠤᠨ ᠬᠦᠭ᠍ᠵᠢᠯᠳᠡ ᠳᠤ ᠢᠳᠡᠪᠬᠢᠲᠡᠢ ᠲᠦᠯᠬᠢᠬᠦ ᠬᠦᠴᠦᠨ ᠦᠵᠡᠬᠦᠯᠦᠨ᠎ᠡ ᠬᠡᠵᠤ ᠢᠯᠡᠷᠬᠡᠶᠢᠯᠡᠪᠡ᠃

6d5f8e06-222e-4a59-be32-4ab91cef56ce.jpg

6b0bdd55-08a1-4693-b77a-e62cda5372a3.jpg

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ