ᠭᠠᠳᠠᠭ᠎ᠠ ᠰᠡᠷᠢᠬᠦᠨ ᠪᠤᠷᠤᠭᠠᠨ ᠰᠢᠪᠡᠷᠡᠨ᠎ᠠ᠃ ᠬᠥᠯ ᠪᠥᠮᠪᠦᠭᠡ ᠶᠢᠨ ᠤᠷᠤᠯᠳᠤᠭᠠᠨ ᠤ ᠲᠠᠯᠠᠪᠠᠢ ᠳᠠᠬᠢ ᠵᠠᠯᠠᠭᠤ ᠲᠠᠮᠢᠷᠴᠢᠳ ᠤᠨ ᠤᠷᠮ᠎ᠠ ᠵᠤᠷᠢᠬ ᠬᠢᠬᠡᠳ ᠴᠤᠬ ᠵᠢᠪᠬᠤᠭ᠎ᠠ ᠡᠭᠦᠨ ᠳᠤ ᠨᠦᠯᠦᠭᠡᠯᠡᠭᠳᠡᠭᠡ ᠦᠭᠡᠢ᠂ ᠤᠷᠤᠯᠳᠤᠭᠠᠨ ᠲᠤᠬᠳᠠᠬᠰᠠᠨ ᠴᠠᠬ ᠲᠠᠭᠠᠨ ᠢᠳᠡ ᠬᠥᠭ ᠲᠠᠢ ᠶᠠᠪᠤᠬᠳᠠᠵᠥ᠂ ᠥᠵᠡᠭᠴᠢᠳ ᠤᠨ ᠤᠷᠠᠢ ᠬᠠᠰᠬᠢᠷᠤᠯᠳᠠ ᠪᠠ ᠪᠥᠮᠪᠥᠬᠡᠴᠢᠳ ᠤᠨ ᠤᠷᠮ᠎ᠠ ᠵᠤᠷᠢᠭ ᠤᠷᠤᠯᠳᠤᠭᠠᠨ ᠤ ᠲᠡᠯᠡᠪᠡᠢ ᠶᠢ ᠨᠡᠷᠬᠢᠭᠤᠯᠤᠨ᠎ᠠ᠃

ᠥᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ ᠭᠤᠤᠯᠯᠠᠨ ᠡᠷᠬᠢᠯᠡᠵᠥ᠂ ᠥᠪᠥᠷ ᠮᠤᠩᠭᠤᠯ ᠤᠨ ᠶᠡᠭᠡ ᠰᠤᠷᠭᠠᠭᠤᠯᠢ ᠲᠠᠭᠠᠭᠠᠴᠢᠯᠠᠨ ᠡᠷᠬᠢᠯᠡᠭᠰᠡᠨ 2019 ᠤᠨ ᠤ ᠥᠪᠥᠷ ᠮᠤᠩᠭᠤᠯ ᠤᠨ 《ᠲᠡᠷᠢᠬᠦᠯᠡᠭᠴᠢ ᠬᠤᠨᠳᠠᠭᠠᠳᠤ》 ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠳᠤᠭᠡᠷ ᠲᠠᠰ ᠤᠨ ᠬᠤᠯᠪᠤᠭᠠᠳᠤ ᠤᠷᠤᠯᠳᠤᠭᠠᠨ ᠤ ᠶᠡᠭᠡ ᠰᠤᠷᠭᠠᠭᠤᠯᠢ ᠶᠢᠨ ᠬᠡᠳᠤ ᠲᠡᠰ ᠤᠨ ᠲᠤᠭᠤᠢᠢᠯᠠᠩ ᠤᠨ ᠤᠷᠤᠯᠳᠤᠭᠠᠨ 5 ᠰᠠᠷ᠎ᠠ ᠶᠢᠨ 8 ᠤ ᠡᠳᠤᠷ ᠬᠥᠬᠡᠬᠤᠳᠠ ᠶᠢᠨ ᠬᠤᠷᠢᠨᠬᠡᠷ ᠰᠢᠶᠠᠨ ᠤ ᠠᠵᠢᠯ ᠮᠡᠷᠭᠡᠵᠢᠯ ᠤᠨ ᠥᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠳᠤ ᠡᠬᠢᠯᠡᠪᠠ᠃ ᠲᠤᠰ ᠤᠳᠠᠭ᠎ᠠ ᠶᠢᠨ 《ᠲᠡᠷᠢᠬᠦᠯᠡᠭᠴᠢ ᠬᠤᠨᠳᠠᠭᠠᠳᠤ》 ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠳᠤᠭᠡᠷ ᠲᠠᠰ ᠤᠨ ᠬᠤᠯᠪᠤᠭᠠᠳᠤ ᠤᠷᠤᠯᠳᠤᠭᠠᠨ ᠳᠤ ᠬᠠᠮᠤᠬ ᠤᠨ ᠰᠢᠯᠢᠳᠡᠭ ᠬᠥᠯ ᠪᠥᠮᠪᠥᠬᠡᠴᠢᠨ᠂ ᠰᠢᠯᠢᠳᠡᠭ ᠲᠠᠰᠬᠠᠯᠵᠢᠭᠤᠯᠤᠬᠴᠢ᠂ ᠰᠢᠯᠢᠳᠡᠭ ᠬᠢᠨᠠᠬᠴᠢ᠂ ᠰᠢᠯᠢᠳᠡᠭ ᠠᠵᠢᠯᠳᠠᠨ ᠵᠡᠷᠭᠡ ᠱᠠᠩᠨᠠᠯ ᠤᠳ ᠢ ᠲᠤᠬᠢᠷᠠᠭᠤᠯᠵᠥ᠂ ᠥᠪᠥᠷ ᠮᠤᠩᠭᠤᠯ ᠤᠨ ᠶᠡᠭᠡ ᠰᠤᠷᠭᠠᠭᠤᠯᠢ᠂ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠤᠨ 6 ᠡᠮᠡᠭᠳᠠᠢ ᠶᠢᠨ ᠬᠥᠯ ᠪᠥᠮᠪᠦᠭᠡ ᠶᠢᠨ ᠠᠩᠭᠢ ᠪᠠ 11 ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠥᠷᠢᠰᠥᠯᠳᠤᠬᠦ ᠪᠤᠯᠤᠨ᠎ᠠ᠃ 

ᠠᠩᠬᠠᠨ ᠤ ᠲᠡᠯᠡᠪᠠᠢ ᠤᠷᠤᠯᠳᠤᠭᠠᠨ ᠳᠤ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠠ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠡᠷᠡᠭᠳᠠᠢ ᠶᠢᠨ ᠠᠩᠭᠢ ᠤᠷ᠎ᠠ ᠠᠪᠢᠶᠠᠰ ᠢᠶᠠᠨ ᠭᠠᠶᠢᠬᠠᠭᠤᠯᠪᠠ᠃ ᠤᠷᠤᠯᠳᠤᠭᠠᠨ ᠳᠤ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠶᠢᠨ ᠲᠡᠮᠢᠷᠴᠢᠳ ᠤᠨ ᠥᠡᠭᠭᠡᠷᠡᠭᠰᠡᠨ ᠵᠢᠯ ᠤᠨ ᠮᠠᠩᠯᠠᠢ ᠬᠤᠨᠳᠠᠭ᠎ᠠ ᠶᠢ ᠭᠠᠨᠵᠤᠭᠠᠯᠠᠬᠰᠠᠨ ᠪᠤᠳᠠᠳᠤ ᠬᠥᠴᠥᠨ ᠨᠢ ᠤᠬᠳᠤᠬᠠᠨ ᠴᠤ ᠰᠤᠯᠠᠷᠠᠭ᠎ᠠ ᠥᠬᠡᠢ ᠪᠠᠶᠢᠬᠰᠠᠨ ᠴᠤ᠂ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠮᠤᠩᠭᠤᠯ ᠬᠥᠯ ᠪᠥᠮᠪᠦᠭᠡ ᠶᠢᠨ ᠠᠩᠭᠢ ᠶᠢᠨ ᠲᠠᠮᠢᠷᠴᠢᠳ ᠤᠨ ᠬᠥᠳᠡᠷ ᠴᠢᠬᠢᠷᠠᠬ ᠪᠡᠶ᠎ᠠ ᠪᠢᠯᠳᠡᠷ᠂ ᠬᠤᠷᠴᠠ ᠱᠠᠯᠠᠮᠠᠭᠠᠢ ᠬᠥᠳᠡᠯᠥᠯ᠂ ᠤᠬᠵᠤᠮ ᠡᠵᠡᠮᠳᠡᠯ ᠤᠨ ᠤᠷ᠎ᠠ ᠮᠡᠷᠭᠡᠰᠢᠯ ᠨᠢ ᠴᠤ ᠡᠰᠡᠷᠬᠦ ᠡᠳᠡᠭᠡᠳ ᠠᠴᠠ ᠪᠠᠨ ᠥᠴᠥᠬᠡᠨ ᠴᠤ ᠲᠤᠤᠷᠠᠳᠠᠬᠤ ᠥᠬᠡᠢ ᠪᠠᠶᠢᠯ᠎ᠠ᠃ ᠲᠡᠭᠡᠷ᠎ᠠ ᠬᠠᠭᠠᠰ ᠲᠡᠯᠡᠪᠡᠢ ᠤᠷᠤᠯᠳᠤᠭᠠᠨ ᠳᠤ ᠬᠤᠶᠠᠷ ᠡᠳᠡᠭᠡᠳ ᠤᠨ ᠲᠠᠮᠢᠷᠴᠢᠳ ᠠᠬᠢᠨ ᠲᠡᠬᠢᠨ ᠡᠬᠦᠳᠡ ᠤᠷᠤᠭᠤ ᠰᠢᠷᠥᠬᠦᠨ ᠳᠠᠭᠠᠷᠢᠵᠤ ᠪᠠᠶᠢᠬᠰᠠᠨ ᠴᠤ ᠴᠦᠮ ᠪᠦᠮᠪᠦᠭᠡ ᠤᠷᠤᠭᠤᠯᠵᠥ ᠴᠢᠳᠠᠬᠰᠠᠨ ᠥᠬᠡᠢ᠃ ᠲᠤᠤᠷ ᠎ᠠ ᠬᠠᠭᠠᠰ ᠲᠡᠯᠡᠪᠡᠢ ᠤᠷᠤᠯᠳᠤᠭᠠᠨ ᠡᠬᠢᠯᠡᠬᠡᠳ ᠲᠠᠮᠠᠢ ᠤᠳᠠᠯ ᠥᠭᠡᠢ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢᠨ ᠲᠡᠮᠢᠷᠴᠢᠳ ᠠᠷᠤ ᠲᠠᠯ᠎ᠠ ᠶᠢᠨ ᠬᠤᠷᠢᠭ᠎ᠠ ᠱᠤᠭᠤᠮ ᠢᠶᠠᠨ ᠪᠠᠳᠤ ᠬᠠᠮᠠᠭᠠᠯᠠᠬᠤ ᠶᠢᠨ ᠲᠠᠭᠠᠤ᠂ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠬᠥᠯ ᠪᠥᠮᠪᠦᠭᠡ ᠶᠢᠨ ᠠᠩᠬᠢ ᠶᠢᠨ ᠠᠷᠤ ᠲᠠᠯ᠎ᠠ ᠶᠢᠨ ᠪᠠᠬᠢᠯᠠᠯᠳᠠ ᠰᠤᠯᠠ ᠪᠠᠶᠢᠬᠰᠠᠨ ᠭᠠᠵᠠᠷ ᠢᠶᠠᠷ ᠰᠢᠷᠥᠬᠦᠨ ᠲᠠᠭᠠᠷᠢᠯᠳᠠ ᠬᠢᠵᠥ 1 ᠪᠥᠮᠪᠦᠭᠡ ᠤᠷᠤᠭᠤᠯᠵᠥ᠂ ᠤᠷᠤᠯᠳᠤᠭᠠᠨ ᠤ ᠬᠤᠪᠢ ᠶᠢᠨ ᠬᠠᠷᠢᠴᠠᠯ ᠢ 1᠄ 0 ᠪᠤᠯᠭᠠᠪᠠ᠃ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠲᠠᠮᠢᠷᠴᠢᠳ ᠴᠢᠳᠠᠯ ᠤᠬᠠᠭᠠᠨ ᠢᠶᠠᠨ ᠰᠢᠪᠬᠠᠨ ᠲᠡᠮᠡᠴᠡᠵᠥ ᠪᠠᠶᠢᠬᠰᠠᠨ ᠴᠤ ᠤᠷᠤᠯᠳᠤᠭᠠᠨ ᠤ ᠬᠤᠪᠢ ᠶᠢᠨ ᠬᠠᠷᠢᠴᠠᠯ ᠢ ᠬᠤᠪᠢᠷᠠᠭᠤᠯᠵᠥ ᠴᠢᠳᠠᠬᠰᠠᠨ ᠥᠬᠡᠢ᠂ 1᠄ 0 ᠬᠤᠪᠢ ᠶᠢᠨ ᠬᠠᠷᠢᠴᠠᠯ ᠢᠶᠠᠷ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠠᠩᠭᠢ ᠤᠷᠤᠯᠳᠤᠭᠠᠨ ᠤ ᠢᠯᠠᠬᠴᠢ ᠪᠤᠯᠤᠬᠰᠠᠨ ᠪᠠᠶᠢᠨ᠎ᠠ᠃

《ᠮᠡᠳᠡᠭᠡᠵᠢ ᠪᠠᠷ᠂ ᠠᠩᠬᠠᠨ ᠤ ᠲᠠᠯᠠᠪᠠᠢ ᠤᠷᠤᠯᠳᠤᠭᠠᠨ ᠨᠢ ᠲᠠᠮᠢᠷᠴᠢᠳ ᠲᠤ ᠪᠥᠷ ᠶᠡᠭᠡ ᠲᠠᠷᠤᠭᠠᠰᠤ ᠠᠪᠴᠢᠷᠠᠳᠠᠭ᠃ ᠮᠠᠨᠠᠶᠢᠬᠢᠨ ᠠᠩᠬᠠᠨ ᠤ ᠲᠠᠯᠠᠪᠠᠢ ᠤᠷᠤᠯᠳᠤᠭᠠᠨ ᠳᠤ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠶᠢᠨ ᠬᠥᠴᠥᠷᠭᠡᠭ ᠠᠩᠭᠢ ᠲᠠᠢ ᠲᠠᠭᠠᠷᠠᠯᠳᠤᠬᠰᠠᠨ ᠢᠶᠠᠷ ᠥᠯᠥ ᠪᠠᠷᠠᠮ᠂ ᠪᠤᠷᠤᠭᠠᠨ ᠰᠢᠪᠡᠷᠡᠵᠦ ᠪᠠᠶᠢᠬᠰᠡᠨ ᠠᠴᠠ ᠤᠷᠤᠯᠳᠤᠭᠠᠨ ᠤ ᠲᠡᠯᠡᠪᠡᠢ ᠡᠩ ᠤᠨ ᠪᠤᠯᠪᠠᠰᠤᠷᠠᠯ ᠤᠨ ᠥᠶ᠎ᠠ ᠠᠴᠠ ᠤᠨᠳᠤᠤ ᠪᠠᠶᠢᠬᠰᠠᠨ ᠶᠤᠮ᠃ ᠬᠡᠪᠡᠴᠤ ᠡᠴᠤᠰ ᠲᠡᠭᠡᠨ ᠲᠤᠰ ᠤᠳᠠᠭ᠎ᠠ ᠶᠢᠨ ᠤᠷᠤᠯᠳᠤᠭᠠᠨ ᠳᠤ ᠢᠯᠠᠬᠰᠠᠨ ᠨᠢ ᠮᠠᠨ ᠤ ᠲᠠᠮᠢᠷᠴᠢᠳ ᠤᠨ ᠢᠳᠡᠭᠡᠯ ᠵᠤᠷᠢᠬ ᠢ ᠤᠯᠠᠮ ᠨᠡᠮᠡᠭᠳᠡᠬᠦᠯᠥᠭᠰᠡᠨ ᠪᠠᠶᠢᠨ᠎ᠠ》 ᠬᠡᠵᠥ ᠥᠪᠥᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠡᠷᠡᠭᠳᠠᠢ ᠶᠢᠨ ᠬᠥᠯ ᠪᠥᠮᠪᠦᠭᠡ ᠶᠢᠨ ᠠᠩᠭᠢ ᠶᠢᠨ ᠲᠠᠰᠬᠠᠯᠵᠢᠭᠤᠯᠤᠬᠴᠢ ᠮᠠ ᠵᠢᠶᠠᠨ ᠵᠢᠶᠦ᠋ᠨ ᠬᠡᠯᠡᠨ᠎ᠠ᠃ ᠥᠡᠭᠭᠡᠷᠡᠭᠰᠡᠨ ᠵᠢᠯ ᠤᠨ ᠲᠥᠷᠥᠬᠦᠤ ᠪᠠᠶᠢᠷᠢ ᠳᠤ ᠲᠤᠳᠤᠷᠠᠬᠰᠠᠨ ᠡᠨᠡ ᠠᠩᠭᠢ ᠡᠨᠡ ᠵᠢᠯ ᠤᠨ 《ᠲᠡᠷᠢᠬᠦᠯᠡᠭᠴᠢ ᠬᠤᠨᠳᠠᠭᠠᠳᠤ》 ᠶᠢᠨ ᠡᠵᠡᠨ ᠲᠠᠬᠢᠨᠳᠠ ᠪᠤᠯᠬᠤ ᠪᠠᠷ ᠵᠤᠷᠢᠬ ᠢᠶᠠᠨ ᠡᠷᠴᠢᠯᠠᠨ᠎ᠠ᠃ 《ᠪᠢᠳᠠ ᠨᠢᠬᠡ ᠲᠡᠯ᠎ᠠ ᠪᠠᠷ ᠪᠤᠯᠪᠠᠰᠤᠷᠠᠯ ᠤᠨ ᠡᠷᠴᠢᠮ ᠢᠶᠠᠨ ᠴᠢᠩᠭᠠᠳᠬᠠᠨ᠂ ᠲᠠᠮᠢᠷᠴᠢᠳ ᠤᠨ ᠶᠡᠷᠥ ᠶᠢᠨ ᠴᠠᠬ ᠤᠨ ᠪᠡᠶ᠎ᠠ ᠮᠠᠬᠠᠪᠤᠳ ᠤᠨ ᠡᠷᠡᠬᠦᠯ ᠴᠢᠬᠢᠷᠠᠬ ᠪᠠ ᠤᠷ᠎ᠠ ᠮᠡᠷᠭᠡᠰᠢᠯ ᠢ ᠲᠡᠭᠡᠭᠰᠢᠯᠡᠬᠦᠯᠵᠥ᠂ ᠨᠥᠬᠦᠬᠡ ᠲᠠᠯ᠎ᠠ ᠪᠠᠷ ᠲᠠᠮᠢᠷᠴᠢᠳ ᠤᠨ ᠰᠢᠨ᠎ᠠ ᠬᠠᠭᠤᠴᠢᠨ ᠤ ᠰᠤᠯᠢᠬᠳᠠᠯ ᠢ ᠡᠪᠳᠠᠢ ᠲᠤᠬᠢᠷᠠᠭᠤᠯᠵᠥ᠂ ᠬᠠᠰᠢᠷ ᠲᠤᠷᠰᠢᠯᠭ᠎ᠠ ᠲᠠᠢ ᠲᠠᠮᠢᠷᠴᠢᠳ ᠪᠠ ᠲᠠᠭᠠᠷᠢᠯᠳᠠ ᠶᠢᠨ ᠬᠥᠴᠥᠨ ᠢᠶᠠᠷ ᠴᠢᠩᠭ᠎ᠠ ᠰᠢᠨ᠎ᠠ ᠭᠠᠷ ᠢ ᠤᠷᠭᠠᠨᠢᠬ ᠢᠶᠠᠷ ᠲᠤᠬᠢᠷᠠᠭᠤᠯᠵᠥ᠂ ᠠᠩᠭᠢ ᠨᠢᠬᠡᠴᠢ ᠶᠢᠨ ᠪᠥᠬᠦ᠋ᠢᠯᠡ ᠴᠤᠬᠴᠠ ᠶᠢᠨ ᠪᠤᠳᠠᠳᠤ ᠬᠥᠴᠥᠨ ᠲᠤᠬᠳᠠᠭᠤᠨ ᠪᠠᠶᠢᠬᠤ ᠶᠢ ᠪᠠᠳᠤᠯᠠᠵᠥ ᠪᠤᠢ》 ᠬᠡᠵᠥ ᠮᠡ ᠵᠢᠶᠠᠨ ᠵᠢᠶᠦ᠋ᠨ ᠲᠡᠨᠢᠯᠴᠡᠭᠤᠯᠵᠥ ᠪᠢᠯᠠ᠃ 

《ᠲᠡᠷᠢᠬᠦᠯᠡᠭᠴᠢ ᠬᠤᠨᠳᠠᠭᠠᠳᠤ》 ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠳᠥᠭᠡᠷ ᠲᠠᠰ ᠤᠨ ᠬᠤᠯᠪᠤᠭᠠᠳᠤ ᠤᠷᠤᠯᠳᠤᠭᠠᠨ 2015 ᠤᠨ ᠠᠴᠠ ᠡᠬᠢᠯᠡᠨ ᠶᠠᠪᠤᠬᠳᠠᠬᠰᠠᠨ ᠠᠴᠠ ᠨᠠᠭᠠᠰᠢ ᠨᠢᠬᠡᠨᠳᠠ 4 ᠵᠢᠯ ᠤᠨ ᠨᠢᠭᠤᠷ ᠦᠵᠡᠵᠡᠢ᠃ 4 ᠵᠢᠯ ᠤᠨ ᠲᠤᠷᠰᠢ ᠴᠥᠬᠡᠨ ᠪᠤᠰᠤ ᠬᠥᠯ ᠪᠥᠮᠪᠥᠬᠡᠨ ᠳᠤ ᠬᠤᠷᠤᠬᠠᠢ ᠲᠠᠢ ᠤᠶᠤᠳᠠᠳ ᠤᠷᠤᠯᠳᠤᠭᠠᠨ ᠤ ᠲᠠᠯᠠᠪᠠᠢ ᠳᠤ ᠤᠷ ᠎ᠠ ᠮᠠᠷᠭᠡᠰᠢᠯ ᠢᠶᠠᠨ ᠭᠠᠶᠢᠬᠠᠭᠤᠯᠤᠨ᠂ ᠲᠡᠳᠡᠭᠡᠷ ᠤᠷᠤᠯᠳᠤᠭᠠᠨ ᠲᠡᠮᠡᠴᠡᠭᠡᠨ ᠤ ᠡᠳᠦᠷ ᠤᠳ ᠲᠤ ᠪᠦᠬᠦᠳᠡᠭᠡᠷ ᠢᠶᠠᠨ ᠰᠡᠳᠬᠢᠯ ᠨᠢᠭᠡᠳᠦᠨ ᠲᠡᠮᠡᠴᠡᠵᠤ᠂ ᠪᠠᠶᠠᠰᠤᠯ ᠲᠠᠢ ᠮᠦᠴᠡ ᠳᠤ ᠤᠷᠠᠢ ᠬᠠᠰᠬᠢᠷᠤᠨ ᠬᠥᠭᠰᠡᠳᠡᠭ ᠪᠠᠶᠢᠭᠰᠠᠨ᠃ ᠲᠡᠷᠡᠴᠢᠯᠠᠨ ᠶᠡᠭᠡ ᠰᠤᠷᠭᠠᠭᠤᠯᠢ ᠶᠢᠨ ᠬᠡᠳᠤ ᠲᠡᠰ ᠤᠨ ᠲᠤᠭᠤᠢᠢᠯᠠᠩ ᠤᠨ ᠤᠷᠤᠯᠳᠤᠭᠠᠨ ᠳᠤ ᠤᠷᠤᠯᠴᠠᠬᠰᠠᠨ ᠴᠥᠭᠡᠨ ᠪᠤᠰᠤ ᠤᠶᠤᠳᠠᠳ ᠤᠷᠤᠯᠳᠤᠭᠠᠨ ᠪᠤᠯᠭᠠᠨ ᠢ ᠨᠠᠨᠳᠢᠩᠨᠡᠵᠥ᠂ ᠤᠶᠤᠳᠠᠨ ᠤ ᠠᠮᠢᠳᠤᠷᠠᠯ ᠤᠨ ᠢᠶᠠᠨ ᠮᠡᠷᠳᠡᠬᠳᠠᠰᠢ ᠥᠬᠡᠢ ᠰᠠᠶᠢᠬᠠᠨ ᠲᠤᠷᠠᠳᠬᠠᠯ ᠪᠤᠯᠭᠠᠵᠥ ᠪᠢᠯᠡ᠃ 《ᠬᠥᠯ ᠪᠥᠮᠪᠦᠭᠡ ᠶᠢᠨ ᠤᠷᠤᠯᠳᠤᠭᠠᠨ ᠳᠤ ᠤᠷᠤᠯᠴᠠᠨ ᠪᠡᠶ᠎ᠠ ᠮᠠᠬᠠᠪᠤᠳ ᠢᠶᠠᠨ ᠴᠢᠬᠢᠷᠠᠬᠵᠢᠭᠤᠯᠵᠤ᠂ ᠬᠥᠴᠤᠨ ᠴᠢᠳᠠᠯ ᠢᠶᠠᠨ ᠰᠢᠪᠬᠠᠨ ᠤᠷ᠎ᠠ ᠮᠡᠷᠭᠡᠰᠢᠯ ᠢᠶᠠᠨ ᠲᠡᠭᠡᠭᠰᠢᠯᠡᠬᠦᠯᠵᠦ᠂ ᠡᠭᠦᠪᠠᠷ ᠶᠡᠭᠡ ᠰᠤᠷᠭᠠᠭᠤᠯᠢ ᠶᠢᠨ ᠠᠮᠢᠳᠤᠷᠠᠯ ᠤᠨ ᠢᠶᠠᠨ ᠨᠢᠬᠡ ᠠᠭᠤᠯᠭ᠎ᠠ ᠪᠤᠯᠭᠠᠬᠰᠠᠨ ᠳᠠᠭᠠᠨ ᠲᠤᠩ ᠪᠡᠶᠡᠷᠯᠡᠵᠥ ᠪᠠᠶᠢᠬᠤ ᠮᠥᠷᠳᠡᠭᠡᠨ ᠤᠷᠤᠯᠡᠭᠤᠯᠵᠤ ᠪᠤᠯᠤᠰᠢ ᠥᠬᠡᠢ ᠰᠠᠶᠢᠬᠠᠨ ᠡᠷᠬᠢᠴᠡᠬᠦᠯᠥᠯ ᠲᠤᠷᠠᠳᠬᠠᠯ ᠪᠤᠯᠤᠬᠰᠠᠨ ᠪᠠᠶᠢᠨ᠎ᠠ︕》 ᠬᠡᠵᠥ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠤᠶᠤᠳᠠᠨ ᠰᠢᠷᠡᠮᠥ ᠬᠡᠯᠡᠨ᠎ᠠ᠃ ᠲᠡᠷᠡ ᠪᠠᠰᠠ᠄ 《ᠬᠥᠯ ᠪᠥᠮᠪᠦᠭᠡ ᠪᠤᠯ ᠬᠥᠮᠥᠰ ᠢ ᠤᠷᠮᠠᠰᠢᠭᠤᠯᠤᠨ ᠭᠥᠭᠰᠡᠭᠡᠬᠦ ᠪᠡᠶ᠎ᠠ ᠶᠢᠨ ᠲᠠᠮᠢᠷ ᠤᠨ ᠬᠥᠳᠡᠯᠭᠡᠭᠡᠨ ᠪᠤᠯᠬᠤ ᠶᠤᠮ᠃ ᠬᠥᠯ ᠪᠥᠮᠪᠦᠭᠡ ᠶᠢᠨ ᠤᠷᠤᠯᠳᠤᠭᠠᠨ ᠤ ᠷᠢᠳᠢ ᠰᠢᠳᠢ ᠪᠤᠯ ᠤᠷᠤᠯᠳᠤᠭᠠᠨ ᠤ ᠥᠡᠭᠭᠡᠷᠡᠯᠳᠠ ᠶᠢᠨ ᠶᠠᠪᠤᠴᠠ ᠳᠠᠬᠢ ᠬᠤᠷᠴᠠ ᠰᠢᠷᠤᠬᠦᠨ ᠲᠡᠮᠡᠴᠡᠭᠡᠨ ᠪᠠ ᠤᠷᠤᠯᠳᠤᠭᠠᠨ ᠤ ᠳ᠋ᠥᠡᠭ ᠢ ᠤᠷᠢᠳᠴᠢᠯᠡᠨ ᠮᠠᠭᠠᠳᠯᠠᠬᠤ ᠶᠢᠨ ᠠᠷᠭ᠎ᠠ ᠥᠬᠡᠢ ᠳᠤ ᠪᠠᠶᠢᠭ᠎ᠠ ᠶᠤᠮ᠃ ᠤᠷᠤᠯᠳᠤᠭᠠᠨ ᠤ ᠲᠠᠯᠠᠪᠠᠢ ᠳᠤ ᠠᠮᠢ ᠴᠥᠯᠠᠨ ᠪᠥᠮᠪᠦᠭᠡ ᠪᠤᠯᠢᠶᠠᠯᠳᠤᠬᠤ ᠪᠠ ᠤᠷᠠᠨ ᠲᠠᠮᠵᠢᠭᠤᠯᠭ᠎ᠠ ᠬᠢᠬᠦ᠂ ᠡᠰᠡᠪᠠᠴᠤ ᠪᠤᠯᠪᠠᠰᠤᠷᠠᠯ ᠤᠨ ᠬᠤᠭᠤᠴᠠᠭᠠᠨ ᠳᠠᠬᠢ ᠠᠩᠭᠢ ᠶᠢᠨ ᠨᠥᠬᠦᠳ ᠲᠠᠢ ᠪᠠᠨ ᠡᠷᠳᠡᠯᠡᠵᠥ ᠤᠷᠦ᠋ᠢᠯᠠᠨ ᠬᠠᠮᠳᠤ ᠶᠢᠨ ᠠᠮᠢᠳᠤᠷᠠᠯ ᠢ ᠥᠡᠭᠭᠡᠷᠡᠭᠡᠭᠰᠡᠨ ᠨᠢ ᠵᠠᠯᠠᠭᠤ ᠨᠠᠰᠤᠨ ᠤ ᠮᠠᠷᠳᠠᠬᠳᠠᠰᠢ ᠥᠬᠡᠢ ᠲᠤᠷᠠᠳᠬᠠᠯ ᠪᠤᠯᠤᠬᠰᠠᠨ ᠶᠤᠮ》 ᠬᠡᠵᠥ ᠤᠴᠢᠷᠯᠠᠵᠤ ᠪᠠᠶᠢᠯ᠎ᠠ᠃(ᠦᠷᠭᠡᠨ)

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ