9a99735c-2d02-4303-9069-0823992ed396.jpg

ᠳᠤᠮᠳᠠᠳᠤ ᠤᠯᠤᠰ •ᠦᠪᠦᠷ ᠮᠤᠩᠭᠤᠯ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠳᠡᠬᠢ ᠮᠤᠷᠢᠨ ᠮᠡᠷᠭᠡᠵᠢᠯ ᠤᠨ ᠨᠠᠶᠢᠷ 15 ᠤ ᠡᠳᠦᠷ ᠵᠢᠩᠬᠢᠨᠢ ᠪᠡᠷ ᠨᠡᠭᠡᠭᠡᠯᠲᠡ ᠪᠠᠨ ᠬᠢᠵᠦ᠂ ᠠᠩᠬᠠᠨ ᠤ ᠬᠤᠪᠢᠶᠠᠷᠢ ᠲᠠᠯᠠᠪᠠᠢ ᠤᠷᠤᠯᠳᠤᠭᠠᠨ ᠢ ᠰᠢᠯᠢ ᠶᠢᠨ ᠭᠤᠤᠯ ᠠᠶᠢᠮᠠᠬ ᠤᠨ ᠰᠢᠯᠢᠩᠬᠤᠲᠠ ᠪᠤᠯᠤᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠳᠤ ᠵᠡᠷᠭᠡᠪᠡᠷ ᠡᠭᠢᠯᠡᠭᠦᠯᠵᠡᠢ᠃

《ᠳᠤᠮᠳᠠᠳᠤ ᠤᠯᠤᠰ ᠤᠨ ᠠᠳᠤᠭᠤᠨ ᠤ ᠨᠡᠶᠢᠰᠯᠡᠯ》 ᠬᠡᠮᠡᠭᠳᠡᠭᠰᠡᠨ ᠰᠢᠯᠢ ᠶᠢᠨ ᠭᠤᠤᠯ ᠠᠶᠢᠮᠠᠬ ᠤᠨ ᠬᠤᠪᠢᠶᠠᠷᠢ ᠲᠠᠯᠠᠪᠠᠢ ᠤᠷᠤᠯᠳᠤᠭᠠᠨ ᠳᠤ 1000 ᠮᠸᠲ᠋ᠷ ᠪᠤᠯᠤᠨ 2600 ᠮᠸᠲ᠋ᠷ ᠤᠨ ᠬᠤᠷᠳᠤᠨ ᠮᠤᠷᠢᠨ ᠤ ᠤᠷᠤᠯᠳᠤᠭᠠᠨ᠂ ᠡᠮᠨᠢᠭ ᠤᠷᠭᠠᠯᠠᠬᠤ ᠤᠷᠤᠯᠳᠤᠭᠠᠨ᠂ 5000 ᠮᠸᠲ᠋ᠷ᠂ 8000 ᠮᠸᠲ᠋ᠷ ᠤᠨ ᠬᠤᠯᠠ ᠵᠠᠢ ᠶᠢᠨ ᠤᠷᠤᠯᠳᠤᠭᠠᠨ ᠪᠤᠯᠤᠨ 16000 ᠮᠸᠲ᠋ᠷ ᠤᠨ ᠲᠡᠰᠪᠦᠷᠢ ᠰᠢᠯᠭᠠᠬᠤ ᠤᠷᠤᠯᠳᠤᠭᠠᠨ ᠵᠡᠷᠭᠡ ᠤᠷᠤᠯᠳᠤᠭᠠᠨ ᠤ ᠲᠦᠷᠦᠯ ᠢ ᠲᠤᠬᠢᠷᠠᠭᠤᠯᠵᠤ᠂ ᠤᠨᠤᠭᠠᠴᠢᠳ ᠬᠢᠭᠡᠳ ᠦᠵᠡᠭᠴᠢᠳ ᠢ ᠪᠠᠬᠲᠠᠭᠠᠬᠰᠠᠨ ᠮᠢᠩ᠋ᠭ᠎ᠠ ᠰᠢᠬᠠᠮ ᠬᠦᠮᠦᠰ ᠤᠷᠤᠯᠳᠤᠭᠠᠨ ᠢ ᠰᠤᠨᠢᠷᠬᠠᠵᠠᠢ᠃

ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠤᠪᠢᠶᠠᠷᠢ ᠲᠠᠯᠠᠪᠠᠢ ᠤᠷᠤᠯᠳᠤᠭᠠᠨ ᠳᠤ 1.42 ᠮᠸᠲ᠋ᠷ ᠡᠴᠡ ᠪᠤᠭᠤᠨᠢ ᠮᠤᠷᠢᠳ ᠤᠨ 6000 ᠮᠸᠲ᠋ᠷ ᠤᠨ ᠤᠷᠤᠯᠳᠤᠭᠠᠨ᠂ 1.42 ᠮᠸᠲ᠋ᠷ ᠡᠴᠡ ᠦᠨᠳᠦᠷ ᠮᠤᠷᠢᠳ ᠤᠨ 4000 ᠮᠸᠲ᠋ᠷ ᠤᠨ ᠵᠢᠷᠤᠭ᠎ᠠ ᠮᠤᠷᠢᠨ ᠤ ᠤᠷᠤᠯᠳᠤᠭᠠᠨ᠂ 8000 ᠮᠸᠲ᠋ᠷ ᠤᠨ ᠬᠤᠷᠳᠤᠨ ᠮᠤᠷᠢᠨ ᠤ ᠤᠷᠤᠯᠳᠤᠭᠠᠨ᠂ 4000 ᠮᠸᠲ᠋ᠷ ᠤᠨ ᠬᠤᠯᠢᠮᠠᠬ ᠴᠢᠰᠤᠲᠠᠢ ᠮᠤᠷᠢᠳ ᠤᠨ ᠵᠢᠷᠤᠭ᠎ᠠ ᠮᠤᠷᠢᠨ ᠤ ᠤᠷᠤᠯᠳᠤᠭᠠᠨ ᠵᠡᠷᠭᠡ ᠤᠷᠤᠯᠳᠤᠭᠠᠨ  ᠨᠤᠭᠤᠳ ᠢ ᠲᠤᠬᠢᠷᠠᠭᠤᠯᠵᠠᠢ᠃

5 ᠰᠠᠷ᠎ᠠ ᠦᠷᠭᠦᠯᠵᠢᠯᠡᠬᠦ ᠨᠠᠶᠢᠷ ᠤᠨ ᠬᠤᠭᠤᠴᠭᠠᠨ ᠳᠤ ᠦᠪᠦᠷ ᠮᠤᠩᠭᠤᠯ ᠤᠨ 11 ᠠᠶᠢᠮᠠᠬ ᠬᠤᠲᠠ ᠳᠤ ᠬᠤᠪᠢᠶᠠᠷᠢ ᠲᠠᠯᠠᠪᠠᠢ ᠤᠷᠤᠯᠳᠤᠭᠠᠨ᠂ ᠤᠷᠢᠯᠭ᠎ᠠ ᠶᠢᠨ ᠤᠷᠤᠯᠳᠤᠭᠠᠨ ᠨᠤᠭᠤᠳ ᠢ ᠲᠤᠬᠢᠷᠠᠭᠤᠯᠵᠦ᠂ ᠴᠢᠬᠤᠯᠠ ᠪᠤᠯᠬᠤ 34 ᠲᠠᠯᠠᠪᠠᠢ ᠤᠷᠤᠯᠳᠤᠭᠠᠨ ᠢ ᠪᠠᠬᠲᠠᠭᠠᠬᠰᠠᠨ ᠨᠡᠶᠢᠲᠡ 1000 ᠭᠠᠷᠤᠢ ᠲᠠᠯᠠᠪᠠᠢ ᠤᠷᠤᠯᠳᠤᠭᠠᠨ ᠶᠠᠪᠤᠭᠤᠯᠤᠨ ᠰᠢᠢᠳᠪᠦᠷᠢᠲᠤ ᠤᠷᠤᠯᠳᠤᠭᠠᠨ ᠢ ᠬᠦᠬᠡᠬᠤᠲᠠ ᠳᠤ ᠵᠤᠬᠢᠶᠠᠨ ᠪᠠᠶᠢᠭᠤᠯᠤᠨ᠎ᠠ᠃

2bb9789d-afa6-49e3-8f4e-7fc828f9a217.jpg

bd3b42c4-c527-4731-9045-cdbead81136a.jpg

bdb583e8-5d93-44d6-8261-fc250d9e93a5.jpg

f05eb2e0-f7f4-4951-bfb4-623b89a61451.jpg

940d2b6b-7dd1-4b39-80ce-b715640efe74.jpg

f6acf142-2aa9-4eb7-84fc-bd4593539d34.jpg

865a210e-3b4d-4dfb-aa5a-ed6c5146dfc0.jpg


ᠢᠷᠡᠯᠳᠡ : 

ᠰᠢᠨᠬᠤᠸᠠ ᠬᠤᠷᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ