ᠰᠢ ᠶᠢᠨ ᠫᠢᠩ ᠤᠨ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ 2016 ᠣᠨ ᠤ ᠠᠰᠫᠢᠷᠠᠨᠲ ᠶᠢᠨ ᠮᠠᠩᠯᠠᠢ ᠠᠩᠬᠢ ᠶᠢᠨ ᠰᠤᠷᠤᠭᠴᠢᠳ ᠲᠤ ᠢᠯᠡᠬᠡᠭᠰᠡᠡ ᠬᠠᠷᠢᠭᠤ ᠵᠠᠬᠢᠳᠠᠯ


ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ 18 ᠤ ᠡᠳᠤᠷ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ 2016 ᠤᠨ ᠤ ᠠᠰᠫᠢᠷᠠᠨᠲ ᠤᠨ ᠮᠠᠩᠯᠠᠢ ᠠᠩᠬᠢ ᠶᠢᠨ ᠪᠦᠬᠦ ᠰᠤᠷᠤᠭᠴᠢᠳ ᠲᠤ ᠬᠠᠷᠢᠭᠤ ᠵᠠᠬᠢᠳᠠᠯ ᠢᠯᠡᠬᠡᠪᠡ᠂ ᠪᠦᠬᠦ ᠠᠭᠤᠯᠭ᠎ᠠ ᠨᠢ ᠲᠤᠤᠷᠠᠬᠢ ᠮᠡᠳᠤ᠄ 

    

ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ 2016 ᠤᠨ ᠤ ᠠᠰᠫᠢᠷᠠᠨᠲ ᠤᠨ ᠮᠠᠩᠯᠠᠢ ᠠᠩᠬᠢ ᠶᠢᠨ ᠪᠦᠬᠦ ᠰᠤᠷᠤᠭᠴᠢᠳ ᠲᠤ᠄

ᠲᠠᠨᠠᠷ ᠰᠠᠶᠢᠨ ᠪᠠᠶᠢᠵᠠᠭᠠᠨ᠎ᠠ ᠤᠤ︕ ᠵᠠᠬᠢᠳᠠᠯ ᠢ ᠴᠢᠨᠢ ᠲᠤᠰᠤᠯ᠎ᠠ᠂ ᠲᠡᠨᠡᠷ ᠤᠨ ᠰᠤᠷᠤᠯᠴᠠᠬᠤ ᠠᠵᠠ ᠲᠤᠬᠢᠶᠠᠯ ᠢᠶᠠᠨ ᠨᠠᠨᠳᠢᠩᠨᠠᠵᠥ᠂ ᠴᠢᠷᠮᠠᠶᠢᠨ ᠰᠤᠷᠤᠯᠴᠠᠬᠤ ᠶᠢᠨ ᠲᠠᠭᠠᠤ ᠰᠢᠷᠭᠠᠭᠤ ᠪᠤᠯᠪᠠᠰᠤᠷᠠᠵᠥ᠂ ᠪᠦᠬᠦ ᠠᠷᠠᠳ ᠤᠨ ᠪᠡᠶ᠎ᠡ ᠴᠢᠬᠢᠷᠡᠬᠵᠢᠭᠤᠯᠬᠤ ᠠᠵᠢᠯᠯᠠᠭ᠎ᠠ ᠶᠢ ᠲᠡᠯᠬᠡᠷᠡᠬᠦᠯᠬᠦ ᠠᠵᠢᠯ ᠳᠤ ᠢᠳᠡᠪᠬᠢᠳᠡᠢ ᠤᠷᠤᠯᠴᠠᠵᠥ ᠪᠠᠶᠢᠬᠤ ᠶᠢ ᠰᠤᠨᠤᠰᠤᠭᠠᠳ ᠪᠢ ᠮᠠᠰᠢ ᠪᠠᠶᠠᠷᠯᠠᠵᠤ ᠪᠠᠶᠢᠨ᠎ᠠ᠃

ᠪᠢ ᠲᠡᠨᠡᠷ ᠤᠨ ᠤᠷᠤᠯᠳᠤᠭᠠᠨ ᠢ ᠪᠠᠭ᠎ᠠ ᠪᠤᠰᠤ ᠦᠵᠡᠵᠠᠢ᠂ ᠮᠠᠨ ᠤ ᠤᠯᠤᠰ ᠤᠨ ᠲᠠᠮᠢᠷᠴᠢᠳ ᠲᠡᠯᠡᠬᠡᠢ ᠶᠢᠨ ᠴᠢᠬᠤᠯᠠ ᠶᠡᠭᠡ ᠤᠷᠤᠯᠳᠤᠭᠠᠨ ᠲᠡᠭᠡᠷ᠎ᠡ ᠬᠠᠲᠠᠭᠤᠵᠢᠯᠲᠠᠢ ᠲᠡᠮᠡᠴᠡᠵᠥ᠂ ᠰᠢᠯᠢᠳᠡᠭ ᠬᠢᠷᠢ ᠪᠦᠳᠦᠮᠵᠢ ᠡᠬᠦᠳᠦᠨ᠂ ᠡᠬᠡ ᠤᠯᠤᠰ ᠲᠠᠭᠠᠨ ᠢᠷᠡᠭᠤ ᠠᠯᠳᠡᠷ ᠠᠪᠴᠢᠷᠠᠵᠤ ᠦᠭᠬᠦ ᠪᠤᠯᠭᠠᠨ ᠪᠢ ᠴᠢᠩ ᠰᠡᠳᠬᠢᠯ ᠠᠴᠠ ᠪᠠᠨ ᠲᠠᠨᠠᠷ ᠤᠨ ᠲᠦᠯᠦᠭᠡ ᠤᠮᠤᠭᠰᠢᠳᠠᠭ ᠶᠤᠮ᠃ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠡᠬᠦᠷᠬᠡ ᠬᠠᠷᠢᠭᠤᠴᠠᠯᠭ᠎ᠠ ᠲᠠᠢ᠂ ᠡᠷᠡᠯᠬᠡᠭᠯᠡᠨ ᠲᠡᠮᠡᠴᠡᠬᠦ ᠵᠤᠷᠢᠭ ᠰᠠᠨᠠᠭ᠎ᠠ ᠶᠢ ᠨᠡᠩ ᠢᠯᠡᠭᠦᠦ ᠱᠠᠭᠠᠷᠳᠠᠨ᠎ᠠ᠃ ᠲᠠᠨᠠᠷ ᠤᠨ ᠦᠷᠬᠦᠯᠵᠢᠯᠡᠨ ᠲᠦᠷᠦᠬᠦᠯᠡᠨ ᠲᠡᠮᠡᠴᠡᠵᠥ᠂ ᠬᠦᠴᠦ ᠨᠡᠮᠡᠨ ᠠᠵᠢᠯᠯᠠᠵᠥ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠳᠤ ᠢᠯᠡᠬᠦᠬᠡᠨ ᠬᠤᠪᠢ ᠨᠡᠮᠡᠷᠢ ᠦᠵᠡᠬᠦᠯᠵᠥ᠂ ᠨᠡᠶᠢᠬᠡᠮ ᠳᠤ ᠨᠡᠩ ᠤᠯᠠᠨ ᠢᠳᠡᠪᠬᠢ ᠬᠦᠴᠦᠨ ᠲᠠᠮᠵᠢᠭᠤᠯᠬᠤ ᠶᠢ ᠬᠦᠰᠡᠵᠥ ᠪᠠᠶᠢᠨ᠎ᠠ᠃ ᠲᠡᠨᠡᠷ ᠤᠨ ᠰᠤᠷᠤᠯᠭ᠎ᠠ ᠳᠠᠭᠠᠨ ᠠᠮᠵᠢᠯᠳᠡ ᠤᠯᠬᠤ ᠶᠢ ᠵᠦᠩᠨᠡᠶ᠎ᠡ᠃ ᠮᠢᠨᠦ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢ ᠪᠤᠯᠤᠨ ᠤᠯᠢᠮᠫᠢᠺ ᠤᠨ ᠲᠠᠮᠢᠷ ᠤᠨ ᠴᠤᠭᠯᠠᠭᠠᠨ ᠵᠡᠷᠬᠡ ᠤᠷᠤᠯᠳᠤᠭᠠᠨ ᠳᠤ ᠢᠳᠡᠪᠬᠢᠳᠡᠢ ᠪᠠᠷ ᠪᠡᠯᠡᠳᠬᠡᠯ ᠬᠢᠵᠥ ᠪᠠᠶᠢᠭ᠎ᠠ ᠲᠠᠮᠢᠷᠴᠢᠨ᠂ ᠰᠤᠷᠭᠠᠭᠴᠢ ᠳᠤ ᠴᠢᠩ ᠰᠡᠳᠬᠢᠯ ᠤᠨ ᠮᠡᠨᠳᠤᠴᠢᠯᠡᠯ ᠬᠦᠷᠬᠡᠵᠥ ᠪᠠᠶᠢᠬᠤ ᠶᠢ ᠲᠠᠮᠵᠢᠭᠤᠯᠤᠭᠠᠷᠠᠢ︕


                                                      ᠰᠢ ᠶᠢᠨ ᠫᠢᠩ

                                       2019 ᠤᠨ ᠤ 6 ᠰᠠᠷ᠎ᠠ ᠶᠢᠨ 18 ᠤ ᠡᠳᠤᠷ


ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ 18 ᠤ ᠡᠳᠤᠷ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ 2016 ᠤᠨ ᠤ ᠠᠰᠫᠢᠷᠠᠨᠲ ᠤᠨ ᠮᠠᠩᠯᠠᠢ ᠠᠩᠬᠢ ᠶᠢᠨ ᠪᠦᠬᠦ ᠰᠤᠷᠤᠭᠴᠢᠳ ᠲᠤ ᠬᠠᠷᠢᠭᠤ ᠵᠠᠬᠢᠳᠠᠯ ᠢᠯᠡᠬᠡᠵᠥ᠂ ᠲᠡᠳᠡᠨ ᠢ ᠤᠷᠮᠠᠰᠢᠭᠤᠯᠤᠨ ᠵᠤᠷᠢᠬᠵᠢᠭᠤᠯᠤᠭᠰᠠᠨ ᠪᠦᠭᠡᠳ ᠬᠦᠰᠡᠯ ᠨᠠᠶᠢᠳᠠᠯᠭ᠎ᠠ ᠲᠠᠯᠪᠢᠬᠤ ᠶᠢᠨ ᠬᠠᠮᠳᠤ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠪᠤᠯᠤᠨ ᠤᠯᠢᠮᠫᠢᠺ ᠤᠨ ᠲᠠᠮᠢᠷ ᠤᠨ ᠴᠤᠭᠯᠠᠭᠠᠨ ᠵᠡᠷᠬᠡ ᠤᠷᠤᠯᠳᠤᠭᠠᠨ ᠳᠤ ᠢᠳᠡᠪᠬᠢᠳᠡᠢ ᠪᠡᠯᠡᠳᠬᠡᠯ ᠬᠢᠵᠥ ᠪᠠᠶᠢᠭ᠎ᠠ ᠲᠠᠮᠢᠷᠴᠢᠨ᠂ ᠰᠤᠷᠭᠠᠭᠴᠢ ᠳᠤ ᠴᠢᠩ ᠰᠡᠳᠬᠢᠯ ᠤᠨ ᠮᠡᠨᠳᠤᠴᠢᠯᠡᠯ ᠲᠡᠪᠰᠢᠬᠦᠯᠪᠡ᠃

ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠡᠨᠡᠷ ᠤᠨ ᠰᠤᠷᠤᠯᠴᠠᠬᠤ ᠠᠵᠠ ᠲᠤᠬᠢᠶᠠᠯ ᠢᠶᠠᠨ ᠨᠠᠨᠳᠢᠩᠨᠠᠵᠥ᠂ ᠴᠢᠷᠮᠠᠶᠢᠨ ᠰᠤᠷᠤᠯᠴᠠᠬᠤ ᠶᠢᠨ ᠲᠠᠭᠠᠤ ᠰᠢᠷᠭᠠᠭᠤ ᠪᠤᠯᠪᠠᠰᠤᠷᠠᠵᠥ᠂ ᠪᠦᠬᠦ ᠠᠷᠠᠳ ᠤᠨ ᠪᠡᠶ᠎ᠡ ᠴᠢᠬᠢᠷᠡᠬᠵᠢᠭᠤᠯᠬᠤ ᠠᠵᠢᠯᠯᠠᠭ᠎ᠠ ᠶᠢ ᠲᠡᠯᠬᠡᠷᠡᠬᠦᠯᠬᠦ ᠠᠵᠢᠯ ᠳᠤ ᠢᠳᠡᠪᠬᠢᠳᠡᠢ ᠤᠷᠤᠯᠴᠠᠵᠥ ᠪᠠᠶᠢᠬᠤ ᠶᠢ ᠰᠤᠨᠤᠰᠤᠭᠠᠳ ᠪᠢ ᠮᠠᠰᠢ ᠪᠠᠶᠠᠷᠯᠠᠵᠤ ᠪᠠᠶᠢᠨ᠎ᠠ ᠬᠡᠵᠥ ᠬᠡᠯᠡᠪᠡ᠃

ᠪᠢ ᠲᠡᠨᠡᠷ ᠤᠨ ᠤᠷᠤᠯᠳᠤᠭᠠᠨ ᠢ ᠪᠠᠭ᠎ᠠ ᠪᠤᠰᠤ ᠦᠵᠡᠵᠠᠢ᠂ ᠮᠠᠨ ᠤ ᠤᠯᠤᠰ ᠤᠨ ᠲᠠᠮᠢᠷᠴᠢᠳ ᠲᠡᠯᠡᠬᠡᠢ ᠶᠢᠨ ᠴᠢᠬᠤᠯᠠ ᠶᠡᠭᠡ ᠤᠷᠤᠯᠳᠤᠭᠠᠨ ᠲᠡᠭᠡᠷ᠎ᠡ ᠬᠠᠲᠠᠭᠤᠵᠢᠯᠲᠠᠢ ᠲᠡᠮᠡᠴᠡᠵᠥ᠂ ᠰᠢᠯᠢᠳᠡᠭ ᠬᠢᠷᠢ ᠪᠦᠳᠦᠮᠵᠢ ᠡᠬᠦᠳᠦᠨ᠂ ᠡᠬᠡ ᠤᠯᠤᠰ ᠲᠠᠭᠠᠨ ᠢᠷᠡᠭᠤ ᠠᠯᠳᠡᠷ ᠠᠪᠴᠢᠷᠠᠵᠤ ᠦᠭᠬᠦ ᠪᠤᠯᠭᠠᠨ ᠪᠢ ᠴᠢᠩ ᠰᠡᠳᠬᠢᠯ ᠠᠴᠠ ᠪᠠᠨ ᠲᠠᠨᠠᠷ ᠤᠨ ᠲᠦᠯᠦᠭᠡ ᠤᠮᠤᠭᠰᠢᠳᠠᠭ ᠶᠤᠮ᠃ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠡᠬᠦᠷᠬᠡ ᠬᠠᠷᠢᠭᠤᠴᠠᠯᠭ᠎ᠠ ᠲᠠᠢ᠂ ᠡᠷᠡᠯᠬᠡᠭᠯᠡᠨ ᠲᠡᠮᠡᠴᠡᠬᠦ ᠵᠤᠷᠢᠭ ᠰᠠᠨᠠᠭ᠎ᠠ ᠶᠢ ᠨᠡᠩ ᠢᠯᠡᠭᠦᠦ ᠱᠠᠭᠠᠷᠳᠠᠨ᠎ᠠ᠃ ᠲᠠᠨᠠᠷ ᠤᠨ ᠦᠷᠬᠦᠯᠵᠢᠯᠡᠨ ᠲᠦᠷᠦᠬᠦᠯᠡᠨ ᠲᠡᠮᠡᠴᠡᠵᠥ᠂ ᠬᠦᠴᠦ ᠨᠡᠮᠡᠨ ᠠᠵᠢᠯᠯᠠᠵᠥ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠳᠤ ᠢᠯᠡᠬᠦᠬᠡᠨ ᠬᠤᠪᠢ ᠨᠡᠮᠡᠷᠢ ᠦᠵᠡᠬᠦᠯᠵᠥ᠂ ᠨᠡᠶᠢᠬᠡᠮ ᠳᠤ ᠨᠡᠩ ᠤᠯᠠᠨ ᠢᠳᠡᠪᠬᠢ ᠬᠦᠴᠦᠨ ᠲᠠᠮᠵᠢᠭᠤᠯᠬᠤ ᠶᠢ ᠬᠦᠰᠡᠵᠥ ᠪᠠᠶᠢᠨ᠎ᠠ᠃ ᠲᠡᠨᠡᠷ ᠤᠨ ᠰᠤᠷᠤᠯᠭ᠎ᠠ ᠳᠠᠭᠠᠨ ᠠᠮᠵᠢᠯᠳᠡ ᠤᠯᠬᠤ ᠶᠢ ᠵᠦᠩᠨᠡᠶ᠎ᠡ᠃ ᠮᠢᠨᠦ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢ ᠪᠤᠯᠤᠨ ᠤᠯᠢᠮᠫᠢᠺ ᠤᠨ ᠲᠠᠮᠢᠷ ᠤᠨ ᠴᠤᠭᠯᠠᠭᠠᠨ ᠵᠡᠷᠬᠡ ᠤᠷᠤᠯᠳᠤᠭᠠᠨ ᠳᠤ ᠢᠳᠡᠪᠬᠢᠳᠡᠢ ᠪᠠᠷ ᠪᠡᠯᠡᠳᠬᠡᠯ ᠬᠢᠵᠥ ᠪᠠᠶᠢᠭ᠎ᠠ ᠲᠠᠮᠢᠷᠴᠢᠨ᠂ ᠰᠤᠷᠭᠠᠭᠴᠢ ᠳᠤ ᠴᠢᠩ ᠰᠡᠳᠬᠢᠯ ᠤᠨ ᠮᠡᠨᠳᠤᠴᠢᠯᠡᠯ ᠬᠦᠷᠬᠡᠵᠥ ᠪᠠᠶᠢᠬᠤ ᠶᠢ ᠲᠠᠮᠵᠢᠭᠤᠯᠤᠭᠠᠷᠠᠢ︕

2003 ᠤᠨ ᠳᠤ᠂ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠠᠰᠫᠢᠷᠠᠨᠲ ᠤᠨ ᠮᠠᠩᠯᠠᠢ ᠠᠩᠬᠢ ᠡᠷᠬᠢᠯᠡᠵᠥ᠂ ᠤᠯᠢᠮᠫᠢᠺ ᠤᠨ ᠲᠠᠮᠢᠷ ᠤᠨ ᠴᠤᠭᠯᠠᠭᠠᠨ᠂ ᠲᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠤᠯᠤᠨ ᠲᠡᠯᠡᠬᠡᠢ ᠶᠢᠨ ᠬᠤᠨᠳᠠᠭᠠᠳᠤ ᠤᠷᠤᠯᠳᠤᠭᠠᠨ ᠤ ᠲᠠᠩ ᠲᠦᠷᠦᠯ ᠤᠨ ᠮᠠᠩᠯᠠᠢ ᠪᠤᠯᠤᠨ ᠬᠠᠮᠳᠤ ᠨᠢᠬᠡᠴᠢ ᠶᠢᠨ ᠤᠷᠤᠯᠳᠤᠭᠠᠨ ᠤ ᠲᠦᠷᠦᠯ ᠤᠨ ᠮᠠᠩᠯᠠᠢ ᠲᠠᠮᠢᠷᠴᠢᠨ ᠬᠢᠭᠡᠳ ᠰᠤᠷᠭᠠᠭᠴᠢ ᠶᠢ ᠡᠯᠰᠡᠪᠡ᠃ 2016 ᠤᠨ ᠤ ᠠᠰᠫᠢᠷᠠᠨᠲ ᠤᠨ ᠮᠠᠩᠯᠠᠢ ᠠᠩᠬᠢ ᠳᠤ ᠤᠳᠤ 24 ᠬᠦᠮᠥᠨ ᠲᠠᠢ᠂ ᠡᠬᠦᠨ ᠳᠤ ᠤᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ 8᠂ ᠲᠡᠯᠡᠬᠡᠢ ᠶᠢᠨ ᠮᠠᠩᠯᠠᠢ 14᠂ ᠮᠠᠩᠯᠠᠢ ᠰᠤᠷᠭᠠᠭᠴᠢ 2 ᠪᠠᠶᠢᠨ᠎ᠠ᠃ ᠤᠢᠢᠷ᠎ᠠ ᠶᠢᠨ ᠡᠳᠤᠷ᠂ ᠲᠤᠰ ᠠᠩᠬᠢ ᠶᠢᠨ ᠪᠦᠬᠦ ᠰᠤᠷᠤᠭᠴᠢ ᠶᠡᠷᠤᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠥ᠂ ᠰᠤᠷᠤᠯᠭ᠎ᠠ᠂ ᠪᠤᠯᠪᠠᠰᠤᠷᠠᠯ ᠪᠤᠯᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠵᠥ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠬᠠᠯᠠᠭᠤᠨ ᠰᠡᠳᠬᠢᠯᠬᠡ ᠪᠤᠯᠤᠨ ᠵᠤᠷᠢᠭ ᠢᠶᠠᠨ ᠢᠯᠡᠳᠬᠡᠭᠰᠡᠡ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ