ᠰᠢᠪᠠᠭᠤᠨ ᠡᠭᠦᠷ᠂ ᠪᠤᠯᠤᠷ ᠳᠥᠷᠪᠡᠯᠵᠢᠨ ᠵᠡᠷᠭᠡ ᠨᠢ ᠡᠩ ᠲᠡᠷᠢᠭᠦᠨ ᠳᠤ ᠪᠣᠬᠢᠷᠲᠤᠯ ᠥᠬᠡᠶ  ᠴᠠᠬᠢᠯᠭᠠᠨ  ᠡᠨᠧᠷᠭᠢ ᠵᠢ‌‍ ᠬᠡᠷᠡᠭᠯᠡᠬᠦ ᠪᠣᠯᠤᠨ᠎ᠠ  


ᠠᠷᠠᠣᠠ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 23 ᠤ ᠡᠳᠦᠷ ᠤᠨ  ᠮᠡᠳᠡᠭᠡ (ᠰᠤᠷᠪᠤᠯᠵᠢᠯᠠᠭᠴᠢ‌ ᠾᠧ ᠶᠦᠩ) 6 ᠰᠠᠷ᠎ᠠ ᠶᠢᠨ 23 ᠤ ᠡᠳᠦᠷ ᠪᠣᠯ ᠣᠯᠠᠨ ᠤᠯᠤᠰ ᠤᠨ ᠣᠯᠢᠮᠫᠢᠺ ᠤᠨ  ᠡᠳᠦᠷ  ᠪᠤᠯᠤᠨ᠎ᠠ᠂ ᠰᠤᠷᠪᠤᠯᠵᠢᠯᠠᠭᠴᠢ‌ ᠤᠯᠤᠰ ᠤᠨ ᠴᠠᠬᠢᠯᠭᠠᠨ ᠲᠤᠤᠷ ᠤᠨ ᠪᠡᠭᠡᠵᠢᠩ ᠬᠤᠲᠠ ᠶᠢᠨ ᠴᠠᠬᠢᠯᠭᠠᠨ  ᠬᠦᠴᠦᠨ ᠤ  ᠺᠣᠮᠫᠠᠨᠢ ᠶᠢᠨ  ᠡᠪᠦᠯ ᠤᠨ  ᠤᠯᠠᠷᠢᠯ ‍ᠤᠨ‌ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠪᠠᠨ ᠭᠡᠷ ᠠᠴᠠ  ᠣᠶᠢᠯᠠᠭᠠᠬᠰᠠᠨ ᠢᠶᠠᠷ᠄  ᠡᠨᠡ ᠵᠢᠯ ᠤᠨ  7  ᠰᠠᠷ᠎ᠠ ᠶᠢᠨ  1 ‍ᠤ‌ ᠡᠳᠦᠷ ᠠᠴᠠ ᠡᠬᠢᠯᠡᠨ᠂ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠢ(ᠰᠢᠪᠠᠭᠤᠨ ᠡᠭᠦᠷ)᠂ ᠤᠯᠤᠰ ᠤᠨ ᠤᠮᠪᠠᠯᠲᠠ ᠶᠢᠨ ᠲᠥᠪ(ᠪᠣᠯᠣᠷ ᠳᠥᠷᠪᠡᠯᠵᠢᠨ︶ᠵᠡᠷᠭᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠳᠠᠭᠴᠢ‌‍ ᠪᠦ᠋ᠯᠦᠭ ᠤᠨ 7 ᠲᠠᠯᠠᠪᠠᠢ ᠣᠷᠳᠣᠨ ᠪᠣᠯᠤᠨ ᠢᠵᠢ ᠪᠦᠷᠢᠳᠦᠭᠦᠯᠦᠭᠰᠡᠨ ᠦᠢᠯᠡᠴᠢᠯᠡᠭᠡᠨ ᠤ ᠲᠥᠬᠦᠭᠡᠷᠦᠮᠵᠢ ᠳᠤ ᠪᠣᠬᠢᠷᠲᠤᠯ ᠦᠭᠡᠢ‌‍ ᠴᠠᠬᠢᠯᠭᠠᠨ ᠡᠨᠧᠷᠭᠢ ᠶᠢ ᠲᠦᠷᠦᠭᠦᠯᠡᠨ ᠬᠡᠷᠡᠭᠯᠡᠬᠦ ᠪᠣᠯᠤᠨ᠎ᠠ᠃ ᠵᠠᠯᠭᠠᠭᠠᠳ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ‍ᠤᠨ‌‍ᠴᠤᠭᠯᠠᠭᠠᠨ ᠤ ᠰᠤᠷᠢᠯᠳᠠ ᠶᠢᠨ ᠤᠷᠤᠯᠳᠤᠭᠠᠨ᠂ ᠵᠢᠩᠬᠢᠨᠢ ᠤᠷᠤᠯᠳᠤᠭᠠᠨ ᠤ ᠬᠤᠭᠤᠴᠠᠭᠠᠨ ᠳᠤ᠂ ᠲᠠᠯᠠᠪᠠᠢ ᠣᠷᠳᠣᠨ ᠳᠤ 100% ᠶᠢᠨ ᠴᠡᠪᠡᠷ ᠴᠠᠬᠢᠯᠭᠠᠨ ᠡᠨᠧᠷᠭᠢ ᠬᠠᠩᠭᠠᠬᠤ ᠪᠣᠯᠤᠨ᠎ᠠ ᠭᠡᠵᠡᠢ᠃

ᠣᠶᠢᠯᠠᠭᠠᠭᠰᠠᠨ ᠢᠶᠠᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠢ ᠪᠦᠭᠦᠢ‌‍ ᠲ᠋ᠠᠯᠠᠪᠠᠢ ᠣᠷᠳᠣᠨ ᠳᠤ ᠪᠣᠬᠢᠷᠲᠤᠯ ᠦᠭᠡᠢ ᠴᠠᠬᠢᠯᠭᠠᠨ ᠡᠨᠧᠷᠭᠢ  ᠬᠡᠷᠡᠭᠯᠡᠭᠦ ᠶᠢ  ᠨᠡᠶᠢᠲᠡᠮ  ᠪᠦᠷᠭᠦᠭᠦᠯᠦᠭᠰᠡᠨ ᠨᠢ  ᠣᠯᠢᠮᠫᠢᠺ ‍ᠤᠨ‌‍ ᠲ᠋ᠠᠮᠢᠷ ᠤᠨ ᠴᠤᠭᠯᠠᠭᠠᠨ ᠤ ᠲᠡᠤᠬᠡᠨ ᠳᠡᠭᠡᠷ᠎ᠡ  ᠠᠩᠬ᠎ᠠ  ᠤᠳᠠᠭ᠎ᠠ  ᠪᠤᠯᠬᠤ ᠶᠤᠮ᠃  ᠪᠡᠭᠡᠵᠢᠩ ᠤᠨ  ᠡᠪᠦᠯ ᠤᠨ  ᠤᠯᠠᠷᠢᠯ ‍ᠤᠨ‌ᠣᠯᠢᠮᠫᠢᠺ ᠤᠨ   ᠲᠠᠮᠢᠷ ᠤᠨ ᠴᠤᠭᠯᠠᠭᠠᠨ ᠤ   ᠵᠣᠬᠢᠶᠠᠨ   ᠪᠠᠶᠢᠭᠤᠯᠬᠤ   ᠵᠥᠪᠯᠡᠯ ᠤᠨ   ᠲᠥᠯᠥᠪᠵᠢᠭᠦᠯᠪᠡ   ᠪᠦᠲᠦᠭᠡᠨ‌‍ᠪᠠᠶᠢᠭᠤᠯᠤᠯᠲᠠ ᠶᠢᠨ ᠬᠡᠯᠳᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠪᠡᠭᠡᠵᠢᠩ ᠤᠨ ᠡᠪᠦᠯ ‍ᠤᠨ‌ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠠᠢ  ᠣᠷᠳᠣᠨ ᠳᠤ ᠪᠣᠬᠢᠷᠲᠤᠯ  ᠥᠬᠡᠶ  ᠴᠠᠬᠢᠯᠭᠠᠨ  ᠡᠨᠧᠷᠭᠢ ᠵᠢ‌‍ ᠬᠡᠷᠡᠭᠯᠡᠬᠦ  ᠪᠣᠯ《ᠣᠯᠢᠮᠫᠢᠺ ᠤᠨ ᠲᠠᠮᠢᠷ ᠤᠨ  ᠴᠤᠭᠯᠠᠭᠠᠨ ᠢ  ᠪᠣᠬᠢᠷᠲᠤᠯ  ᠦᠭᠡᠢ ᠪᠠᠷ   ᠡᠷᠬᠢᠯᠡᠬᠦ》   ᠣᠢᠢᠯᠠᠭᠠᠭᠳᠠᠬᠤᠨ  ᠢ ᠨᠠᠶᠢᠳᠠᠪᠤᠷᠢᠵᠢᠭᠤᠯᠬᠤ᠂ ᠡᠷᠬᠢᠯᠡᠬᠦ ᠪᠠᠷ  ᠡᠷᠡᠮᠡᠯᠵᠡᠭᠰᠡᠨ ᠠᠮᠠᠯᠠᠯᠲᠠ ᠪᠠᠨ  ᠪᠡᠶᠡᠯᠡᠭᠦᠯᠬᠦ  ᠬᠦᠴᠦᠲᠡᠶ  ᠠᠷᠭ᠎ᠠ  ᠬᠡᠮᠵᠢᠶ᠎ᠡ  ᠪᠤᠯᠬᠤ‌ᠮᠦ᠋ᠷᠲᠡᠭᠡᠨ ᠪᠠᠰᠠ ᠴᠤ ᠮᠠᠨ ᠤ ᠤᠯᠤᠰ ᠤᠨ ᠴᠡᠪᠡᠷ ᠡᠨᠧᠷᠭᠢ ᠶᠢᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ᠂ ᠠᠮᠢ‌ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠦᠢᠯᠡᠴᠢᠯᠡᠭᠦ ᠪᠣᠳᠠᠲᠠᠶ ᠦᠢᠯᠡᠳᠦᠯᠭᠡ ᠪᠤᠯᠤᠨ᠎ᠠ ᠬᠡᠪᠡ᠃

ᠢᠷᠡᠯᠳᠡ : 

ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ