1.jpg

ᠰᠢᠨ᠎ᠠ ᠰᠤᠷᠤᠯᠭ᠎ᠠ ᠶᠢᠨ ᠬᠤᠭᠤᠴᠠᠭ᠎ᠠ᠂ ᠰᠢᠨ᠎ᠠ ᠬᠥᠰᠡᠯ ᠴᠢᠷᠮᠠᠶᠢᠯᠭ᠎ᠠ᠃ ᠬᠠᠪᠤᠷ ᠤᠨ ᠤᠷᠢ ᠤᠷᠤᠭᠰᠠᠨ 3 ᠰᠠᠷ᠎ᠠ ᠶᠢᠨ ᠡᠬᠢ ᠪᠠᠷ ᠮᠠᠨ ᠤ ᠤᠷᠤᠨ ᠤ ᠡᠯ᠎ᠠ ᠲᠦᠷᠦᠯ ᠤᠨ ᠰᠤᠷᠭᠠᠭᠤᠯᠢ ᠶᠢᠨ ᠰᠢᠨ᠎ᠠ ᠬᠤᠭᠤᠴᠠᠭ᠎ᠠ ᠡᠬᠢᠯᠡᠬᠦ ᠲᠠᠰᠢᠷᠠᠮ ᠳᠤ᠂ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠷᠤᠯᠳᠤᠭᠠᠨ ᠴᠤ ᠰᠢᠨ᠎ᠠ ᠠᠭᠤᠷ ᠠᠮᠢᠰᠬᠤᠯ ᠤᠨ ᠲᠤᠮᠳᠠ ᠰᠢᠨ᠎ᠠ ᠬᠥᠰᠢᠭᠡ ᠪᠠᠨ ᠢᠷᠠᠬᠰᠠᠨ ᠪᠠᠶᠢᠨ᠎ᠠ᠃ ᠲᠦᠷᠦᠭᠦᠬᠡᠨ 《ᠪᠡᠶᠡᠷ ᠪᠠᠶᠠᠰᠤᠯᠳᠤ ᠬᠥᠯ ᠪᠥᠮᠪᠦᠭᠡ ᠮᠠᠨ ᠤ ᠭᠤᠤᠯ ᠲᠠᠯᠠᠪᠤᠷ》 ᠬᠡᠬᠦ ᠭᠤᠤᠯ ᠰᠡᠳᠤᠪᠳᠤ 《2019 ᠤᠨ ᠤ ᠥᠪᠥᠷ ᠮᠤᠩᠭᠤᠯ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠡᠳᠤᠷ》 ᠤᠨ ᠨᠡᠶᠢᠳᠠ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠭᠠᠷᠠᠭ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠤ ᠡᠬᠢᠯᠡᠬᠦ ᠶᠤᠰᠤᠯᠠᠯ ᠬᠥᠬᠡᠬᠤᠳᠠ ᠶᠢᠨ ᠰᠢᠨ ᠴᠢᠶᠤᠤ ᠪᠠᠭ᠎ᠠ ᠰᠤᠷᠭᠠᠭᠤᠯᠢ ᠳᠤ ᠶᠠᠪᠤᠬᠳᠠᠵᠥ᠂ ᠰᠢᠨ᠎ᠠ ᠨᠢᠬᠡ ᠡᠭᠡᠯᠵᠢ ᠶᠢᠨ ᠰᠤᠷᠭᠠᠭᠤᠯᠢ ᠶᠢᠨ ᠬᠥᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠵᠢᠩᠭᠢᠨᠢ ᠪᠠᠷ ᠡᠬᠢᠯᠡᠭᠰᠡᠨ ᠢ ᠨᠡᠶᠢᠳᠡᠯᠡᠪᠡ᠃

ᠭᠠᠷᠠᠬ ᠤᠨ ᠰᠡᠬᠦᠯᠴᠢ ᠶᠢᠨ ᠬᠤᠯᠪᠤᠭᠠᠳᠤ ᠤᠷᠤᠯᠳᠤᠭᠠᠨ ᠤ ᠠᠩᠬᠠᠨ ᠤ ᠲᠠᠯᠠᠪᠤᠷ ᠤᠷᠤᠯᠳᠤᠭᠠᠨ ᠳᠤ᠂ ᠰᠢᠨ ᠴᠢᠶᠤᠤ ᠪᠠᠭ᠎ᠠ ᠰᠤᠷᠭᠠᠭᠤᠯᠢ ᠶᠢᠨ ᠠᠩᠭᠢ ᠪᠠ ᠰᠢᠶᠠᠨ ᠹᠸᠡᠭ ᠵᠠᠮ ᠪᠠᠭ᠎ᠠ ᠰᠤᠷᠭᠠᠭᠤᠯᠢ ᠶᠢᠨ ᠠᠩᠭᠢ ᠤᠷᠤᠯᠳᠤᠵᠥ᠂ ᠬᠤᠶᠠᠷ ᠠᠩᠭᠢ ᠶᠢᠨ ᠪᠢᠴᠢᠬᠠᠨ ᠲᠠᠮᠢᠷᠴᠢᠳ ᠤᠷ᠎ᠠ ᠴᠢᠳᠠᠪᠤᠷᠢ ᠪᠠᠨ ᠮᠥᠷᠦ᠋ᠢᠴᠡᠪᠠ᠃ ᠤᠷᠤᠯᠳᠤᠭᠠᠨ ᠥᠨᠳᠤᠷᠯᠡᠭᠰᠡᠨ ᠤ ᠲᠠᠷᠠᠭ᠎ᠠ᠂ ᠪᠥᠬᠦ ᠤᠷᠤᠨ ᠤ ᠡᠯ᠎ᠠ ᠭᠠᠵᠡᠷ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠨᠴᠠᠯᠢᠬᠳᠤ ᠠᠵᠢᠯᠯᠠᠭ᠎ᠠ ᠨᠢ ᠰᠤᠷᠭᠠᠭᠤᠯᠢ ᠶᠢᠨ ᠬᠥᠷᠢᠶᠠᠨ ᠤ ᠰᠤᠶᠤᠯ ᠤᠨ ᠨᠠᠶᠢᠷ᠂ ᠰᠤᠷᠭᠠᠭᠤᠯᠢ ᠶᠢᠨ ᠬᠥᠷᠢᠶᠠᠨ ᠤ ᠤᠷᠤᠯᠳᠤᠭᠠᠨ᠂ ᠠᠩᠭᠢ ᠶᠢᠨ ᠬᠤᠷᠠᠯ ᠵᠡᠷᠭᠡ ᠤᠯᠠᠨ ᠬᠡᠯᠪᠡᠷᠢ ᠪᠠᠷ ᠬᠤᠷ᠎ᠠ ᠶᠢᠨ ᠲᠠᠷᠠᠭᠠᠬᠢ ᠬᠤᠯᠤᠰᠤᠨ ᠰᠥᠶ᠎ᠠ ᠰᠢᠭ ᠥᠷᠨᠢᠵᠥ᠂ ᠰᠤᠷᠤᠬᠴᠢᠳ ᠲᠤ ᠬᠥᠯ ᠪᠥᠮᠪᠦᠭᠡ ᠶᠢᠨ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠨᠭ᠍ᠭᠠᠯ᠎ᠠ ᠁ 

ᠮᠠᠨ ᠤ ᠤᠷᠤᠨ ᠪᠥ᠋ᠬᠦ ᠤᠯᠤᠰ ᠤᠨ ᠠᠩᠬᠠᠳᠠᠬᠴᠢ ᠬᠥᠯ ᠪᠥᠮᠪᠦᠭᠡ ᠶᠢᠨ ᠥᠬᠡᠷᠡᠴᠢᠯᠠᠯᠳᠠ ᠬᠥᠭᠵᠢᠬᠦᠯᠥᠯᠳᠠ ᠶᠢᠨ ᠲᠤᠷᠰᠢᠯᠳᠠ ᠶᠢᠨ ᠴᠡᠭ ᠤᠨ ᠮᠤᠵᠢ ᠤᠷᠤᠨ ᠪᠤᠯᠤᠬᠰᠠᠨ ᠠᠴᠠ ᠨᠠᠭᠠᠰᠢ᠂ ᠥᠪᠥᠷ ᠮᠤᠩᠭᠤᠯ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠬᠥᠭᠵᠢᠯᠳᠠ ᠶᠢᠨ ᠬᠡᠪ ᠵᠠᠬᠪᠤᠷ ᠡᠳᠤᠷ ᠢᠷᠡᠬᠦᠶ᠎ᠠ ᠪᠤᠶᠢᠵᠢᠨ ᠲᠦᠯᠦᠪᠰᠢᠵᠦ ᠪᠤᠢ᠃ ᠨᠢᠳᠤᠨᠤᠨ ᠮᠠᠨ ᠤ ᠤᠷᠤᠨ ᠤ ᠬᠤᠯᠪᠤᠬᠳᠠᠯ ᠪᠥᠬᠦᠢ ᠰᠠᠯᠠᠭ᠎ᠠ ᠮᠥᠴᠢᠷ ᠤᠯᠤᠰ ᠤᠨ ᠲᠡᠰ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠨᠴᠠᠯᠢᠬᠳᠤ ᠰᠤᠷᠭᠠᠭᠤᠯᠢ ᠶᠢᠨ ᠪᠠᠶᠢᠭᠤᠯᠤᠯᠳᠠ ᠪᠠᠨ ᠴᠢᠩᠭᠠᠳᠬᠠᠵᠥ᠂ ᠤᠯᠤᠰ ᠤᠨ ᠲᠡᠰ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ 240 ᠤᠨᠴᠠᠯᠢᠬᠳᠤ ᠰᠤᠷᠭᠠᠭᠤᠯᠢ ᠶᠢ ᠰᠢᠯᠭᠠᠷᠠᠭᠤᠯᠤᠨ ᠲᠡᠪᠰᠢᠬᠦᠯᠬᠦ ᠠᠵᠢᠯ ᠢ ᠪᠡᠶᠡᠯᠡᠬᠦᠯᠪᠠ︔ ᠤᠳᠤᠬᠠᠨ ᠳᠤ ᠮᠠᠨ ᠤ ᠤᠷᠤᠨ ᠤ ᠤᠯᠤᠰ ᠤᠨ ᠲᠡᠰ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠨᠴᠠᠯᠢᠬᠳᠤ ᠰᠤᠷᠭᠠᠭᠤᠯᠢ ᠨᠢᠬᠡᠨᠳᠠ 1222 ᠪᠤᠯᠵᠥ᠂ ᠪᠥᠬᠦ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠶᠡᠷᠥᠩᠭᠡᠢ ᠲᠤᠭᠠᠨ ᠤ 42% ᠶᠢ ᠡᠵᠡᠯᠡᠭᠰᠡᠨ ᠪᠠᠶᠢᠨ᠎ᠠ᠃ 

ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮ ᠤᠨ ᠲᠡᠬᠦᠯᠳᠡᠷᠵᠢᠯ ᠪᠠ ᠪᠥᠷᠢᠨᠰᠢᠯ ᠨᠢ ᠲᠠᠮᠢᠷᠴᠢᠳ ᠤᠨ ᠤᠷᠮ᠎ᠠ ᠵᠤᠷᠢᠬ ᠢ ᠨᠠᠩ ᠡᠷᠴᠢᠯᠠᠨ ᠴᠢᠩᠭᠠᠯᠠᠵᠥ ᠪᠤᠢ᠃ 2018 ᠤᠨ ᠤ 《ᠲᠡᠷᠢᠬᠦᠯᠡᠭᠴᠢ ᠬᠤᠨᠳᠠᠭᠠᠳᠤ》 ᠥᠪᠡᠷᠳᠡᠭᠡᠨ ᠵᠠᠰᠠᠬᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠨ ᠱᠠᠳᠤᠨ ᠤ ᠬᠤᠯᠪᠤᠭᠠᠳᠤ ᠤᠷᠤᠯᠳᠤᠭᠠᠨ ᠳᠤ 412 ᠲᠥᠯᠥᠭᠡᠯᠡᠭᠴᠢ ᠶᠢᠨ ᠠᠩᠭᠢ ᠶᠢᠨ 6400 ᠬᠥᠮᠥᠨ ᠤᠳᠠᠭ᠎ᠠ ᠤᠷᠤᠯᠴᠠᠵᠥ᠂ ᠨᠡᠶᠢᠳᠠ 807 ᠲᠡᠯᠡᠪᠤᠷ ᠤᠷᠤᠯᠳᠤᠭᠠᠨ ᠶᠠᠪᠤᠬᠳᠠᠭᠤᠯᠵᠥ᠂ ᠤᠷᠤᠯᠳᠤᠭᠠᠨ ᠳᠤ ᠤᠷᠤᠯᠴᠠᠬᠰᠠᠨ ᠠᠩᠭᠢ ᠨᠢᠬᠡᠴᠢ ᠪᠠ ᠬᠥᠮᠥᠨ ᠤ ᠲᠤᠭ᠎ᠠ ᠶᠢᠨ ᠲᠠᠯ᠎ᠠ ᠪᠠᠷ 2017 ᠤᠨ ᠠᠴᠠ ᠪᠠᠨ ᠪᠥᠷ 2 ᠲᠠᠬᠢᠨ ᠨᠡᠮᠡᠭᠳᠡᠪᠠ︔ ᠪᠥᠬᠦ ᠤᠯᠤᠰ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠥᠷᠪᠡᠨ ᠱᠠᠳᠤᠨ ᠤ ᠬᠤᠯᠪᠤᠭᠠᠳᠤ ᠤᠷᠤᠯᠳᠤᠭᠠᠨ ᠳᠤ ᠮᠠᠨ ᠤ ᠤᠷᠤᠨ ᠤ ᠲᠠᠮᠢᠷᠴᠢᠳ ᠤᠷ᠎ᠠ ᠠᠪᠢᠶᠠᠰ ᠢᠶᠠᠨ ᠪᠡᠳᠠᠷᠠᠭᠤᠯᠵᠥ᠂ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠪᠠ ᠥᠪᠥᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠮᠢᠷᠴᠢᠳ ᠵᠢᠩᠭᠢᠨᠢ ᠠᠩᠭᠢ ᠶᠢᠨ ᠰᠤᠷᠭᠠᠭᠤᠯᠢ ᠶᠢᠨ ᠬᠥᠷᠢᠶᠡᠨ ᠤ ᠡᠷᠡᠭᠳᠠᠢ ᠶᠢᠨ ᠲᠤᠭᠤᠢᠢᠯᠠᠩ ᠤᠨ ᠶᠡᠷᠥᠩᠭᠡᠢ ᠰᠢᠢᠳᠪᠤᠷᠢᠳᠤ ᠤᠷᠤᠯᠳᠤᠭᠠᠨ ᠳᠤ ᠲᠤᠰ ᠲᠤᠰ ᠬᠤᠶᠠᠳᠤᠭᠠᠷ᠂ ᠭᠤᠷᠪᠠᠳᠤᠭᠠᠷ ᠲᠤ ᠲᠤᠳᠤᠷᠠᠵᠥ᠂ ᠲᠤᠰ ᠲᠤᠭᠤᠢᠢᠯᠠᠩ ᠤᠨ ᠤᠷᠤᠯᠳᠤᠭᠠᠨ ᠤ ᠬᠠᠮᠤᠬ ᠤᠨ ᠰᠠᠶᠢᠨ ᠬᠢᠷᠢ ᠪᠥᠳᠥᠮᠵᠢ ᠶᠢ ᠡᠬᠦᠳᠪᠡ︔ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠲᠠᠮᠢᠷᠴᠢᠳ ᠪᠥᠬᠦ ᠤᠯᠤᠰ ᠤᠨ ᠶᠡᠭᠡ ᠰᠤᠷᠭᠠᠭᠤᠯᠢ ᠶᠢᠨ ᠬᠡᠳᠤ ᠲᠡᠰ ᠤᠨ ᠡᠷᠡᠭᠳᠡᠢ ᠶᠢᠨ ᠲᠤᠭᠤᠢᠢᠯᠠᠩ ᠤᠨ ᠶᠡᠷᠥᠩᠭᠡᠢ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠲᠡᠮᠡᠴᠡᠨ ᠤᠯᠵᠥ᠂ ᠰᠢᠨ᠎ᠠ ᠲᠠᠪᠠᠯᠳᠠ ᠶᠢ ᠪᠡᠶᠡᠯᠡᠬᠦᠯᠵᠠᠢ︔ ᠤᠨᠴᠠᠭᠠᠢᠢᠯᠠᠨ 2018 ᠤᠨ ᠤ ᠥᠪᠡᠷᠳᠡᠭᠡᠨ ᠵᠠᠰᠬᠠᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠲᠠᠪᠤᠨ ᠬᠥᠮᠥᠨ ᠤ ᠲᠥᠷᠢᠮᠳᠤ ᠬᠥᠬᠡ ᠲᠡᠰ ᠤᠨ ᠬᠤᠯᠪᠤᠭᠠᠳᠤ ᠤᠷᠤᠯᠳᠤᠭᠠᠨ ᠵᠢᠴᠢ ᠥᠪᠡᠷᠳᠡᠭᠡᠨ ᠵᠠᠰᠠᠬᠤ ᠤᠷᠤᠨ ᠤ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠪᠡᠶ᠎ᠡ ᠬᠠᠯᠠᠭᠠᠬᠤ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠᠭ᠎ᠠ ᠰᠤᠷᠭᠠᠭᠤᠯᠢ᠂ ᠠᠩᠬ᠎ᠠ ᠲᠤᠮᠳᠠᠳᠤ᠂ ᠥᠨᠳᠤᠷ ᠲᠤᠮᠳᠠᠳᠤ ᠪᠠ ᠶᠡᠭᠡ ᠰᠤᠷᠭᠠᠭᠤᠯᠢ ᠨᠤᠭᠤᠳ ᠢᠶᠠᠷ ᠲᠥᠬᠡᠮᠡᠯᠵᠢᠵᠥ᠂ ᠤᠷᠢᠳ ᠬᠤᠵᠢᠳ ᠨᠡᠶᠢᠳᠠ 1000 ᠭᠠᠷᠤᠢ ᠰᠤᠷᠤᠬᠴᠢ ᠤᠷᠤᠯᠳᠤᠭᠠᠨ ᠳᠤ ᠢᠳᠡᠪᠬᠢᠯᠡᠨ ᠤᠷᠤᠯᠴᠠᠬᠰᠠᠨ ᠪᠠᠶᠢᠨ᠎ᠠ᠃ 

《ᠪᠠᠭ᠎ᠠ》 ᠬᠥᠯ ᠪᠥᠮᠪᠦᠭᠡ ᠰᠤᠷᠭᠠᠭᠤᠯᠢ ᠶᠢᠨ ᠬᠥᠷᠢᠶᠠᠨ ᠤ 《ᠲᠤᠮᠤ》 ᠬᠥᠮᠥᠵᠢᠯ᠃ ᠡᠳᠤᠷ ᠢᠷᠡᠬᠦᠶ᠎ᠠ ᠥᠷᠨᠢᠨ ᠬᠥᠭᠵᠢᠵᠥ ᠪᠠᠶᠢᠭ᠎ᠠ ᠰᠤᠷᠭᠠᠭᠤᠯᠢ ᠶᠢᠨ ᠬᠥᠷᠢᠶᠡᠨ ᠤ ᠬᠥᠯ ᠪᠥᠮᠪᠦᠭᠡ ᠶᠢᠨ ᠥᠷᠢᠰᠤᠯᠳᠤᠭᠡᠨᠳᠤ ᠤᠷᠤᠯᠳᠤᠭᠠᠨ ᠨᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠤᠭᠴᠢᠳ ᠤᠨ ᠬᠥᠯ ᠪᠥᠮᠪᠦᠭᠡ ᠶᠢᠨ 《ᠬᠤᠷᠤᠬᠠᠢ》 ᠶᠢ ᠲᠠᠳᠠᠵᠥ᠂ ᠬᠥᠯ ᠪᠥᠮᠪᠦᠭᠡ ᠶᠠᠭ ᠮᠠᠨ ᠤ ᠤᠷᠤᠨ ᠤ ᠰᠤᠷᠭᠠᠭᠤᠯᠢ ᠶᠢᠨ ᠬᠥᠷᠢᠶᠡᠨ ᠤ ᠦᠪᠠᠷᠮᠢᠴᠡ ᠦᠵᠡᠮᠵᠢ ᠶᠢ ᠵᠢᠷᠤᠭᠯᠠᠨ᠂ ᠰᠢᠨ᠎ᠠ ᠨᠢᠬᠡᠨ ᠬᠠᠭᠤᠳᠠᠰᠤ ᠶᠢ ᠪᠢᠴᠢᠭᠯᠡᠨ᠎ᠠ᠃ (ᠵᠤᠬᠢᠶᠠᠯ᠄ ᠦᠷᠭᠡᠨ᠂ ᠭᠡᠷᠡᠯ ᠵᠢᠷᠤᠭ᠄ ᠮᠦᠡᠭᠬᠡᠴᠢᠯᠠᠭᠤ)


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ