6dfe404a-cf80-41cb-be55-93eba678bb29.jpg

3 ᠤ ᠤᠷᠤᠢ 30 ᠳ᠋ᠤᠭᠠᠷ ᠬᠤᠭᠤᠴᠠᠭᠠᠨ ᠤ ᠲᠡᠯᠡᠬᠡᠢ ᠶᠢᠨ ᠤᠶᠤᠲᠠᠳ ᠤᠨ ᠵᠤᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢᠲ᠋ᠠᠯᠢ ᠶᠢᠨ ᠨᠠᠫᠯᠧᠰ ᠲᠤ ᠨᠡᠬᠡᠬᠡᠯᠲᠡ ᠶᠢᠨ ᠶᠤᠰᠤᠯᠠᠯ ᠶᠢᠡᠨ ᠬᠢᠵᠡᠢ᠃

ᠤᠷᠤᠨ ᠨᠤᠲᠤᠭ ᠤᠨ ᠴᠠᠭ ᠶᠢᠡᠷ 23᠄ 00 ᠴᠠᠭ ᠤᠨ ᠦᠶ᠎ᠠ ᠪᠡᠷ ᠢᠲ᠋ᠠᠯᠢ ᠶᠢᠨ ᠶᠡᠷᠦᠩᠬᠡᠢᠯᠡᠭᠴᠢ ᠮᠠᠲ᠋ᠠᠷᠢᠯᠠ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ 《60 ᠵᠢᠯ ᠤᠨ ᠡᠮᠦᠨ᠎ᠡ ᠠᠩᠬᠠᠲᠤᠭᠠᠷ ᠬᠤᠭᠤᠴᠠᠭᠠᠨ ᠤ ᠲᠡᠯᠡᠬᠡᠢ ᠶᠢᠨ ᠤᠶᠤᠲᠠᠳ ᠤᠨ ᠵᠤᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢᠲ᠋᠋ᠠᠯᠢ ᠡᠴᠡ ᠡᠬᠢᠯᠡᠭᠰᠡᠨ ᠪᠠᠢᠲᠠᠭ᠃ ᠤᠲᠤᠬᠠᠨ ᠳ᠋ᠤ ᠪᠦᠬᠦ ᠲᠡᠯᠡᠬᠡᠢ ᠶᠢᠨ ᠡᠯ ᠡ ᠭᠠᠵᠠᠷ ᠲᠤ ᠲᠠᠮᠵᠢᠭᠤᠯᠤᠭᠲᠠᠭᠰᠠᠨ ᠶᠤᠮ》ᠭᠡᠵᠦ ᠤᠯᠠᠨ ᠤᠯᠤᠰ ᠤᠨ ᠤᠶᠤᠲᠠᠳ ᠤᠨ ᠪᠡᠶ᠎ᠡ ᠶᠢᠨ ᠲᠠᠮᠢᠷ ᠤᠨ ᠬᠤᠯᠪᠤᠭᠠᠨ ᠤ ᠲᠡᠷᠢᠬᠦᠯᠡᠭᠴᠢ ᠤᠯᠧᠶ᠋ᠭ•ᠮᠠᠳᠢᠢᠨ ᠤᠨᠴᠠᠯᠠᠪᠠ᠃ ᠲᠡᠷᠡ ᠪᠡᠷ ᠪᠠᠰᠠ ᠬᠡᠯᠡᠬᠦ ᠳ᠋ᠡᠭᠡᠨ᠂ ᠤᠶᠤᠲᠠᠳ ᠪᠤᠯ ᠢᠷᠡᠭᠡᠲᠦᠢ ᠶᠢᠨ ᠬᠦᠰᠡᠯ᠂ ᠬᠦᠮᠦᠨ ᠪᠤᠯᠭᠠᠨ ᠮᠧᠳ᠋ᠠᠯ ᠬᠦᠷᠲᠡᠬᠦ ᠪᠢᠰᠢ᠂ ᠭᠡᠬᠦ ᠳ᠋ᠡᠭᠡᠨ ᠦᠷᠢᠰᠦᠯᠲᠦᠭᠡᠨ ᠳᠤ ᠵᠤᠷᠢᠬᠲᠠᠢ ᠬᠠᠨᠲᠤᠬᠤ ᠨᠢ ᠠᠮᠢᠲᠤᠷᠠᠯ ᠤᠨ ᠰᠠᠢᠨ ᠰᠠᠢᠬᠠᠨ ᠢ ᠤᠯᠵᠤ ᠬᠠᠷᠠᠬᠤ ᠪᠤᠯᠤᠨ᠎ᠠ ᠭᠡᠵᠡᠢ᠃

ᠲᠤᠬᠠᠢ ᠶᠢᠨ ᠤᠷᠤᠢ ᠲᠤᠮᠲᠠᠲᠤ ᠤᠯᠤᠰ ᠤᠨ ᠡᠷᠡᠭᠲᠡᠢ ᠶᠢᠨ ᠰᠠᠭᠰᠤᠨ ᠪᠦᠮᠪᠦᠭᠡ ᠶᠢᠨ ᠲᠠᠮᠢᠷᠴᠢᠨ ᠸᠠᠩ ᠱᠤᠤ ᠵᠢᠶᠧ ᠲᠠᠪᠤᠨ ᠤᠲᠤᠲᠤ ᠤᠯᠠᠭᠠᠨ ᠲᠤᠭ ᠢ ᠦᠨᠳᠦᠷ ᠡᠷᠭᠦᠨ᠂ ᠲᠤᠮᠲᠠᠲᠤ ᠤᠯᠤᠰ ᠤᠨ ᠪᠠᠭ ᠤᠨ ᠬᠢᠨ ᠢ ᠲᠠᠭᠠᠭᠤᠯᠤᠨ ᠲᠠᠯᠠᠪᠠᠢ ᠳ᠋ᠤ ᠤᠷᠤᠪᠠ᠃ ᠲᠤᠮᠲᠠᠲᠤ ᠤᠯᠤᠰ ᠤᠨ ᠪᠠᠭ 198 ᠲᠠᠮᠢᠷᠴᠢᠨ᠂ 14 ᠶᠡᠬᠡ ᠲᠦᠷᠦᠯ 144 ᠪᠠᠭ᠎ᠠ ᠲᠦᠷᠦᠯ ᠤᠨ ᠲᠡᠮᠡᠴᠡᠭᠡᠨ ᠳ᠋ᠤ ᠤᠷᠤᠯᠴᠠᠬᠤ ᠪᠤᠯᠤᠨ᠎ᠠ᠂ ᠲᠠᠮᠢᠷᠴᠢᠳ ᠤᠨ ᠲᠤᠮᠲᠠᠴᠢ ᠨᠠᠰᠤ 22 ᠪᠠᠢᠵᠤ ᠪᠦᠬᠦ ᠤᠯᠤᠰ ᠤᠨ 21 ᠮᠤᠵᠢ ᠤᠷᠤᠨ ᠤ 66 ᠶᠡᠬᠡ ᠲᠡᠭᠡᠳᠤ ᠰᠤᠷᠭᠠᠭᠤᠯᠢ ᠡᠴᠡ ᠢᠷᠡᠯᠲᠡᠢ᠃ ᠬᠤᠶᠠᠷ ᠵᠢᠯ ᠤᠨ ᠲᠠᠷᠠᠭ᠎ᠠ ᠲᠤᠮᠲᠠᠲᠤ ᠤᠯᠤᠰ ᠤᠨ ᠴᠧᠩᠳᠦ᠋ ᠳ᠋ᠤ 31 ᠳ᠋ᠤᠭᠡᠷ ᠬᠤᠭᠤᠴᠠᠭᠠᠨ ᠤ ᠲᠡᠯᠡᠬᠡᠢ ᠶᠢᠨ ᠤᠶᠤᠲᠠᠳ ᠤᠨ ᠵᠤᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠵᠤᠬᠢᠶᠠᠨ ᠪᠠᠢᠭᠤᠯᠬᠤ ᠪᠤᠯᠤᠨ᠎ᠠ᠃

c6bab915-dc2b-4605-9dc2-8c49dc0caab5.jpg

25dd22c4-bef2-4e35-a912-edb9f9fc6755.jpg

7f50e2ab-b176-47e5-811a-0eda38b7042f.jpg

c9a6ed2d-e1dd-46ae-bdb9-8bfcc9291d28.jpg

54f406d2-63d7-4d5e-b5ae-ff74c829e6a2.jpg

002f5af4-1a45-4ed3-9503-0b8e411edabd.jpg

5039a6dc-0adb-4fee-9f2b-c5c356b8b2ec.jpg

ᠢᠷᠡᠯᠳᠡ : 

ᠰᠢᠨᠬᠤᠸᠠ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ