45f68bcc-98b6-4086-b3ff-b3426b099e1d.jpg

7 ᠰᠠᠷ᠎ᠠ ᠶᠢᠨ 6 — 8 ᠤ ᠡᠳᠦᠷ ᠪᠤᠯᠳᠠᠯ᠎ᠠ ᠪᠦᠬᠦ ᠤᠷᠤᠨ ᠤ ᠲᠦᠷᠪᠡᠳᠦᠬᠡᠷ ᠬᠤᠭᠤᠴᠠᠭᠠᠨ ᠤ ᠲᠠᠯ᠎ᠠ ᠨᠤᠳᠤᠭ ᠤᠨ ᠰᠡᠯᠡᠬᠦᠴᠡᠯ ᠵᠢᠭᠤᠯᠴᠢᠯᠠᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠠ ᠲᠤᠮᠳᠠᠳᠤ ᠬᠤᠰᠢᠭᠤᠨ ᠳᠤ ᠶᠠᠪᠤᠬᠳᠠᠪᠠ᠃ ᠲᠤᠰ ᠤᠳᠠᠭᠠᠨ ᠤ ᠪᠡᠶ᠎ᠠ ᠶᠢᠨ ᠲᠠᠮᠢᠷ ᠤᠨ ᠴᠤᠬᠯᠠᠭᠠᠨ ᠳᠤ ᠬᠠᠨᠭ᠍ᠭᠠᠯ ᠨᠠᠭᠤᠷ ᠲᠤ ᠵᠢᠭᠠᠰᠤ ᠬᠦᠬᠢᠳᠠᠬᠦ ᠤᠷᠤᠯᠳᠤᠭᠠᠨ᠂ ᠲᠠᠯ ᠎ᠠ ᠨᠤᠳᠤᠭ ᠤᠨ ᠲᠤᠬᠳᠠᠬᠰᠠᠨ ᠴᠢᠭᠯᠡᠯᠳᠤ ᠤᠷᠤᠯᠳᠤᠭᠠᠨ᠂ ᠪᠠᠳᠤᠴᠠᠭᠠᠨ ᠨᠢᠰᠬᠡᠯ ᠤᠨ ᠵᠡᠬᠪᠦᠷ ᠤᠨ ᠤᠷᠤᠯᠳᠤᠭᠠᠨ᠂ ᠰᠡᠶᠢᠷᠠᠭ ᠤᠨ ᠲᠠᠯ᠎ᠠ ᠨᠤᠳᠤᠭ ᠢ ᠶᠠᠪᠠᠭᠠᠨ ᠢᠶᠠᠷ ᠲᠤᠭᠤᠯᠬᠤ ᠤᠷᠤᠯᠳᠤᠭᠠᠨ ᠬᠢᠬᠡᠳ ᠬᠦᠳᠡᠭᠡ ᠶᠢᠨ ᠠᠶᠢᠯ ᠲᠤᠰᠬᠤᠨ ᠢ ᠲᠤᠭᠤᠢ ᠲᠡᠷᠬᠡ ᠪᠠᠷ ᠲᠤᠭᠤᠷᠢᠬᠤ ᠤᠷᠤᠯᠳᠤᠭᠠᠨ ᠵᠡᠷᠬᠡ 5 ᠵᠦᠢᠯ ᠤᠨ ᠤᠷᠤᠯᠳᠤᠭᠠᠨ ᠶᠠᠪᠤᠬᠳᠠᠵᠤ᠂ ᠤᠷᠤᠰ ᠤᠯᠤᠰ ᠪᠠ ᠬᠠᠷᠠᠮᠦ᠋ᠷᠠᠠ᠂ ᠬᠤᠪᠧᠢ᠂ ᠬᠢᠷᠢᠨ ᠮᠤᠵᠢ ᠬᠢᠬᠡᠳ ᠦᠪᠡᠷᠳᠡᠬᠡᠨ ᠵᠠᠰᠠᠬᠤ ᠤᠷᠤᠨ ᠤ ᠡᠯ᠎ᠠ ᠠᠶᠢᠮᠠᠭ ᠬᠤᠳᠠ ᠶᠢᠨ 1000 ᠭᠠᠷᠤᠢ ᠬᠡᠷ ᠤᠨ ᠭᠠᠳᠠᠨᠠᠬᠢ ᠬᠦᠳᠡᠯᠬᠡᠬᠡᠨ ᠤ ᠪᠠᠭ᠋ᠠᠳᠠᠨ ᠤᠷᠤᠯᠴᠠᠵᠠᠢ᠃

ᠦᠪᠤᠷ ᠮᠤᠩᠭᠤᠯ ᠤᠨ ᠲᠠᠯ᠎ᠠ ᠨᠤᠳᠤᠭ ᠤᠨ ᠰᠡᠯᠡᠬᠦᠴᠡᠯ ᠵᠢᠭᠤᠯᠴᠢᠯᠠᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠪᠤᠯ ᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ᠂ ᠪᠡᠶ᠎ᠠ ᠶᠢᠨ ᠲᠠᠮᠢᠷ ᠤᠨ ᠶᠡᠷᠤᠩᠬᠡᠢ ᠡᠪᠯᠡᠯ ᠪᠦᠬᠦ ᠠᠷᠠᠳ ᠤᠨ ᠪᠡᠶ᠎ᠠ ᠴᠢᠬᠢᠷᠠᠬᠵᠢᠭᠤᠯᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠵᠦ᠂ ᠪᠦᠬᠦ ᠠᠷᠠᠳ ᠤᠨ ᠪᠡᠶ᠎ᠠ ᠴᠢᠬᠢᠷᠠᠬᠵᠢᠭᠤᠯᠬᠤ ᠶᠢ ᠲᠡᠰ ᠲᠡᠪᠰᠢᠬᠦᠯᠵᠦ᠂ ᠪᠡᠶ᠎ᠠ ᠶᠢᠨ ᠲᠠᠮᠢᠷ ᠤᠨ ᠠᠵᠦ ᠦᠢᠯᠡᠰ ᠢ ᠪᠤᠶᠢᠵᠢᠭᠤᠯᠤᠨ ᠬᠦᠭᠵᠢᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠠ ᠳᠤ ᠦᠢᠯᠡᠴᠢᠯᠡᠬᠦ ᠶᠢ ᠠᠬᠢᠭᠤᠯᠬᠤ ᠪᠤᠳᠠᠳᠠᠢ ᠠᠷᠭ᠎ᠠ ᠪᠠᠷᠢᠯ ᠪᠤᠯᠤᠨ᠎ᠠ᠃ 2015 ᠤᠨ ᠳᠤ ᠠᠩᠬᠠᠳᠤᠭᠠᠷ ᠬᠤᠭᠤᠴᠠᠭᠠᠨ ᠤ ᠪᠡᠶ᠎ᠠ ᠶᠢᠨ ᠲᠠᠮᠢᠷ ᠤᠨ ᠴᠤᠬᠯᠠᠭᠠᠨ ᠢ ᠡᠷᠬᠢᠯᠡᠡ ᠶᠠᠪᠤᠬᠳᠠᠭᠤᠯᠤᠬᠰᠠᠨ ᠠᠴᠠ ᠨᠠᠭᠠᠰᠢ ᠤᠳᠤ ᠪᠤᠯᠳᠠᠯ᠎ᠠ ᠨᠠᠩ ᠤᠯᠠᠨ ᠬᠦᠮᠦᠰ ᠠᠩᠬᠠᠷᠤᠠ ᠴᠢᠬᠤᠯᠠᠴᠢᠯᠠᠬᠤ ᠪᠤᠯᠤᠭᠰᠠᠠ ᠢᠶᠠᠷ ᠪᠠᠷᠠᠬᠤ ᠦᠬᠡᠢ ᠪᠠᠰᠠ ᠦᠪᠡᠷ ᠤᠨ ᠪᠡᠶ᠎ᠠ ᠪᠠᠷ ᠢᠶᠠᠨ ᠤᠷᠤᠯᠴᠠᠵᠦ᠂ ᠰᠡᠯᠡᠬᠦᠴᠡᠯ ᠵᠢᠭᠤᠯᠴᠢᠯᠠᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠨᠢᠬᠡᠨᠳᠡ ᠦᠪᠡᠷᠳᠡᠬᠡᠨ ᠵᠠᠰᠠᠬᠤ ᠤᠷᠤᠨ ᠳᠤ ᠨᠡᠷ᠎ᠠ ᠴᠤᠤᠳᠠᠢ᠂ ᠪᠦᠬᠦ ᠤᠯᠤᠰ ᠲᠤ ᠨᠦᠯᠦᠬᠡ ᠲᠤᠰᠬᠠᠯ ᠲᠠᠢ ᠲᠦᠷᠦᠯ ᠲᠡᠮᠳᠡᠭᠳᠤ ᠤᠷᠤᠯᠳᠤᠭᠠᠨ ᠪᠤᠯᠵᠦ᠂ ᠪᠡᠶ᠎ᠠ ᠶᠢᠨ ᠲᠠᠮᠢᠷ ᠤᠨ ᠲᠦᠷᠦᠯ ᠵᠦᠢᠯ ᠢ ᠲᠦᠬᠡᠮᠡᠯᠵᠢᠬᠦᠯᠵᠦ ᠲᠠᠯ᠎ᠠ ᠨᠤᠳᠤᠭ ᠤᠨ ᠰᠤᠶᠤᠯ ᠢ ᠤᠯᠠᠮᠵᠢᠯᠠᠠ᠂ ᠪᠡᠶ᠎ᠠ ᠶᠢᠨ ᠲᠠᠮᠢᠷ ᠤᠨ ᠪᠠᠶᠠᠷ ᠴᠡᠩᠬᠡᠯ ᠢ ᠬᠤᠪᠢᠶᠠᠯᠴᠠᠬᠤ ᠲᠠᠪᠴᠠᠩ ᠪᠤᠯᠤᠭᠠᠳ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ