b591c3e7-44d1-46fd-96a4-c8a2a53ab4ae.jpg

ᠰᠢᠨ᠎ᠡ ᠳᠤᠮᠳᠠᠳᠤ ᠤᠯᠤᠰ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠪᠠᠶᠠᠷᠲᠤ ᠮᠦᠴᠡ ᠳᠤ᠂ ᠤᠷᠳᠤᠰ ᠬᠤᠲᠠ ᠶᠢᠨ ᠮᠤᠩᠭᠤᠯ ᠪᠠᠭ᠎ᠠ ᠰᠤᠷᠭᠠᠭᠤᠯᠢ ᠨᠤᠭᠤᠳ ᠢᠶᠠᠷ ᠡᠭᠡᠯᠵᠢᠯᠡᠨ ᠶᠠᠪᠤᠭᠳᠠᠳᠠᠭ 《ᠲᠡᠭᠷᠢᠯᠢᠭ ᠬᠦᠪᠡᠭᠦᠨ》 ᠬᠤᠨᠲᠠᠭᠠᠲᠤ ᠤᠯᠠᠮᠵᠢᠯᠠᠯᠲᠤ ᠲᠠᠮᠢᠷ ᠤᠷᠠᠯᠢᠭ ᠤᠨ ᠴᠤᠭᠯᠠᠭᠠᠨ ᠵᠢᠴᠢ ᠵᠠᠬᠢᠷᠤᠯ ᠨᠠᠷ ᠤᠨ ᠰᠤᠲᠤᠯᠤᠨ ᠶᠠᠷᠢᠯᠴᠠᠬᠤ ᠬᠤᠷᠠᠯ 7 ᠰᠠᠷ᠎ᠠ ᠶᠢᠨ 8 ᠤ ᠡᠳᠥᠷ ᠶᠢᠰᠥᠳᠡᠬᠢ ᠬᠤᠭᠤᠴᠠᠭ᠎ᠠ ᠪᠠᠨ ᠤᠭᠲᠤᠨ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠦᠯᠵᠡᠢ ᠲᠠᠢ ᠰᠠᠶᠢᠬᠠᠨ ᠶᠠᠪᠤᠭᠲᠠᠯ᠎ᠠ᠃ ᠪᠥᠬᠦ ᠬᠤᠲᠠ ᠶᠢᠨ 18 ᠮᠤᠩᠭᠤᠯ ᠪᠠᠭ᠎ᠠ ᠰᠤᠷᠭᠠᠭᠤᠯᠢ ᠶᠢᠨ 1600 ᠭᠠᠷᠤᠢ ᠪᠠᠭᠰᠢ ᠰᠤᠷᠤᠭᠴᠢ ᠴᠤᠭᠯᠠᠭᠠᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃   

ᠲᠤᠰ ᠬᠤᠭᠤᠴᠠᠭᠠᠨ ᠤ ᠴᠤᠭᠯᠠᠭᠠᠨ ᠢ ᠤᠷᠳᠤᠰ ᠬᠤᠲᠠ ᠶᠢᠨ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ᠂ ᠤᠷᠲᠤᠰ ᠬᠤᠲᠠ ᠶᠢᠨ ᠰᠤᠷᠭᠠᠨ ᠬᠥᠮᠥᠵᠢᠯ ᠤᠨ ᠲᠤᠪᠴᠢᠶ᠎ᠠ᠂ ᠤᠷᠳᠤᠰ ᠬᠤᠲᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠠ ᠭᠤᠤᠯᠯᠠᠨ ᠡᠷᠬᠢᠯᠡᠵᠥ᠂ ᠬᠠᠩᠬᠢᠨ ᠬᠤᠰᠢᠭᠤᠨ ᠤ ᠰᠤᠷᠭᠠᠨ ᠬᠥᠮᠥᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠪᠠ ᠬᠠᠩᠬᠢᠨ ᠬᠤᠰᠢᠭᠤᠨ ᠤ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ ᠤᠨ ᠬᠠᠪᠰᠤᠷᠤᠯᠭ᠎ᠠ ᠲᠤᠤᠷ᠎ᠠ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠲᠠᠭᠠᠭᠠᠴᠢᠯᠠᠨ ᠡᠷᠬᠢᠯᠡᠭᠰᠡᠨ ᠪᠠᠶᠢᠨ᠎ᠠ᠃

《ᠲᠡᠭᠷᠢᠯᠢᠭ ᠬᠦᠪᠡᠭᠦᠨ》 ᠴᠤᠭᠯᠠᠭᠠᠨ ᠨᠢ 《ᠤᠷᠠᠨ ᠲᠥᠰᠢ ᠶᠢᠨ ᠴᠤᠤᠷᠢᠶ᠎ᠠ》 ᠨᠠᠷᠠᠮᠵᠢᠲᠦ ᠰᠢᠯᠦᠭ᠂ ᠢᠷᠦᠭᠡᠯ ᠮᠠᠭᠲᠠᠭᠠᠯ᠂ ᠭᠤᠷᠪᠠᠨ ᠬᠡᠯᠡᠨ ᠤ ᠶᠠᠷᠢᠶ᠎ᠠ ᠢᠯᠡᠳᠭᠡᠯ᠂ ᠴᠡᠴᠡ ᠪᠤᠯᠢᠶᠠᠯᠳᠤᠬᠤ ᠮᠦᠷᠦ᠋ᠢᠴᠡᠭᠡᠨ ᠪᠠ 《ᠠᠵᠢᠨᠠᠢ》 ᠨᠠᠷᠠᠮᠵᠢᠲᠦ ᠤᠷᠳᠤᠰ ᠪᠦᠬᠡ᠂ ᠮᠤᠩᠭᠤᠯ ᠪᠦᠬᠡ᠂ ᠰᠤᠷ ᠬᠠᠷᠪᠤᠬᠤ᠂ ᠮᠤᠩᠭᠤᠯ ᠰᠢᠲᠠᠷ᠎ᠠ᠂ ᠪᠢᠯᠠᠭᠤ ᠰᠢᠳᠡᠬᠦ᠂ ᠱᠠᠭ᠎ᠠ ᠨᠢᠰᠠᠯᠬᠤ᠂ ᠲᠡᠪᠡᠭ ᠢᠰᠭᠦᠯᠬᠦ ᠵᠡᠷᠭᠡ ᠤᠷᠤᠯᠳᠤᠭᠠᠨ᠂ 《ᠰᠦᠯᠳᠡ》 ᠨᠠᠷᠠᠮᠵᠢᠲᠦ ᠦᠨᠳᠦᠰᠦᠲᠡᠨ ᠤ ᠳᠠᠭᠤᠤ ᠪᠦᠵᠢᠭ᠂ ᠬᠦᠭᠵᠢᠮ᠂ ᠤᠷᠠᠨ ᠵᠢᠷᠤᠭ ᠤᠨ ᠮᠦᠷᠦ᠋ᠢᠴᠡᠭᠡᠨ ᠵᠡᠷᠭᠡ ᠭᠤᠷᠪᠠᠨ ᠶᠡᠭᠡ ᠲᠦᠷᠦᠯ᠂ ᠨᠠᠶᠢᠲᠠ 17 ᠪᠠᠭ᠎ᠠ ᠲᠦᠷᠦᠯ ᠤᠨ ᠤᠷᠤᠯᠳᠤᠭᠠᠨ ᠶᠠᠪᠤᠭᠤᠯᠵᠤ᠂ ᠰᠢᠯᠢᠳᠡᠭ ᠬᠤᠪᠢ ᠬᠦᠮᠦᠨ᠂ ᠬᠠᠮᠲᠤ ᠨᠢᠭᠡᠴᠢ ᠶᠢᠨ ᠱᠠᠩᠨᠠᠯ ᠠᠴᠠ ᠭᠠᠳᠠᠨ᠎ᠠ ᠰᠢᠯᠢᠳᠡᠭ ᠵᠢᠯᠤᠭᠤᠳᠤᠭᠴᠢ᠂ ᠵᠤᠬᠢᠶᠠᠨ ᠪᠦᠲᠦᠭᠡᠭᠰᠡᠨ ᠰᠢᠯᠢᠳᠡᠭ ᠱᠠᠩ ᠵᠡᠷᠭᠡ ᠱᠠᠩᠨᠠᠯ ᠬᠦᠬᠢᠭᠦᠯᠦᠯ ᠢ ᠳᠤᠬᠢᠷᠠᠭᠤᠯᠤᠭᠰᠠᠨ ᠪᠠᠶᠢᠨ᠎ᠠ᠃

ᠲᠤᠰ ᠡᠳᠦᠷ ᠤᠨ ᠤᠷᠤᠢ ᠬᠠᠩᠬᠢᠨ ᠬᠤᠰᠢᠭᠤᠨ ᠤ ᠰᠤᠶᠤᠯ ᠤᠨ ᠤᠷᠲᠤᠨ ᠳᠤ ᠴᠤᠭᠯᠠᠭᠠᠨ ᠤ ᠱᠠᠩᠨᠠᠯ ᠤᠯᠭᠤᠬᠤ ᠥᠲᠡᠰᠢᠯᠡᠭᠡ ᠶᠠᠪᠤᠭᠲᠠᠵᠤ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠥᠩᠬᠡᠢ ᠬᠤᠪᠢ ᠪᠠᠷ ᠨᠢᠬᠡᠳᠥᠬᠡᠷ ᠲᠤ ᠲᠤᠲᠤᠷᠠᠵᠤ᠂ ᠥᠤᠰᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠤᠲᠤᠭ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠥᠩᠬᠡᠢ ᠬᠤᠪᠢ ᠪᠠᠷ ᠬᠤᠶᠠᠲᠤᠭᠠᠷ ᠲᠤ ᠤᠷᠤᠵᠤ᠂ ᠡᠵᠡᠨ ᠬᠤᠷᠤᠭ᠎ᠠ ᠬᠤᠰᠢᠭᠤᠨ ᠤ ᠮᠤᠩᠭᠤᠯ ᠥᠨᠳᠥᠰᠥᠲᠡᠨ ᠤ ᠪᠠᠭ᠎ᠠ ᠰᠤᠷᠭᠠᠭᠤᠯᠢ᠂ ᠤᠲᠤᠭ ᠤᠨ ᠡᠮᠥᠨᠡᠲᠥ ᠬᠤᠰᠢᠭᠤᠨ ᠤ ᠮᠤᠩᠭᠤᠯ ᠥᠨᠳᠥᠰᠥᠲᠡᠨ ᠤ ᠬᠥᠰᠡᠯᠡᠩᠲᠥ ᠲᠤᠷᠰᠢᠯᠲᠠ ᠶᠢᠨ ᠪᠠᠭ᠎ᠠ ᠰᠤᠷᠭᠠᠭᠤᠯᠢ᠂ ᠤᠷᠲᠤᠰ ᠬᠤᠲᠠ ᠶᠢᠨ ᠮᠤᠩᠭᠤᠯ ᠥᠨᠳᠥᠰᠥᠲᠡᠨ ᠤ ᠰᠤᠷᠭᠠᠭᠤᠯᠢ ᠵᠡᠷᠥᠩᠬᠡᠢ ᠬᠤᠪᠢ ᠪᠠᠷ ᠲᠤᠰ ᠲᠤᠰ ᠭᠤᠷᠪᠠᠲᠤᠭᠠᠷ ᠲᠤ ᠤᠷᠤᠵᠤ᠂ ᠪᠤᠰᠤᠳ 12 ᠰᠤᠷᠭᠠᠭᠤᠯᠢ ᠨᠢ ᠰᠢᠯᠢᠲᠡᠭ ᠵᠤᠬᠢᠶᠠᠨ ᠪᠠᠶᠢᠭᠤᠯᠤᠭᠰᠠᠨ ᠨᠢᠬᠡᠴᠢ᠂ ᠶᠤᠰᠤ ᠮᠤᠷᠠᠯ ᠬᠡᠪ ᠰᠤᠷᠲᠠᠯ ᠤᠨ ᠲᠠᠭᠤᠷᠢᠶᠠᠯ ᠰᠤᠷᠭᠠᠭᠤᠯᠢ ᠪᠠᠷ ᠲᠤᠰ ᠲᠤᠰ ᠦᠨᠡᠯᠡᠭᠳᠡᠨ ᠬᠦᠬᠢᠭᠦᠯᠦᠭᠳᠡᠭᠰᠠᠨ ᠪᠠᠶᠢᠨ᠎ᠠ᠃ ᠥᠲᠡᠰᠢᠯᠡᠭᠡ ᠲᠡᠭᠦᠰᠬᠦ ᠦᠶ᠎ᠡ ᠪᠠᠷ᠂ ᠠᠷᠪᠠᠲᠠᠬᠢ ᠬᠤᠭᠤᠴᠠᠭᠠᠨ ᠤ 《ᠲᠡᠭᠷᠢᠯᠢᠭ ᠬᠦᠪᠡᠭᠦᠨ》 ᠬᠤᠨᠳᠠᠭᠠᠲᠤ ᠲᠠᠮᠢᠷ ᠤᠷᠠᠯᠢᠭ ᠤᠨ ᠴᠤᠭᠯᠠᠭᠠᠨ ᠵᠢᠴᠢ ᠵᠠᠬᠢᠷᠤᠯ ᠨᠠᠷ ᠤᠨ ᠰᠤᠳᠤᠯᠤᠨ ᠶᠠᠷᠢᠯᠴᠠᠬᠤ ᠬᠤᠷᠠᠯ ᠢ ᠳᠠᠭᠠᠭᠠᠴᠢᠯᠠᠨ ᠡᠷᠬᠢᠯᠡᠬᠦ ᠰᠤᠷᠭᠠᠭᠤᠯᠢ — ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠳᠤ ᠴᠤᠭᠯᠠᠭᠠᠨ ᠤ ᠲᠤᠭ ᠢ ᠳᠠᠮᠵᠢᠭᠤᠯᠤᠨ᠂ ᠡᠨᠡ ᠬᠦ ᠴᠤᠭᠯᠠᠭᠠᠨ ᠢ ᠵᠢᠯ ᠠᠴᠠ ᠵᠢᠯ ᠤᠳᠬ᠎ᠠ ᠲᠡᠭᠦᠯᠳᠡᠷ ᠨᠢᠵᠢᠬᠢᠷ ᠰᠠᠶᠢᠬᠠᠨ ᠬᠢᠵᠦ᠂ ᠨᠡᠩ ᠤᠯᠠᠨ ᠬᠡᠦᠬᠡᠳ ᠲᠤ ᠲᠠᠮᠢᠷ ᠤᠷᠠᠯᠢᠭ ᠤᠨ ᠤᠷ᠎ᠠ ᠴᠢᠳᠠᠪᠤᠷᠢ᠂ ᠤᠢ ᠤᠬᠠᠭᠠᠨ ᠢᠶᠠᠨ ᠰᠤᠷᠢᠬᠤ ᠳᠠᠪᠴᠠᠩ ᠬᠠᠩᠭᠠᠬᠤ ᠶᠢ ᠵᠤᠷᠢᠭᠰᠠᠨ ᠪᠠᠶᠢᠨ᠎ᠠ᠃


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ