9aae2574-0674-4a57-8214-3f43fae382b7.jpg

ᠴᠠᠢ ᠤᠤᠭᠤᠬᠤ ᠨᠢ ᠠᠷᠤᠭ ᠶᠠᠰᠤᠨ ᠤ ᠡᠷᠡᠭᠦᠯ ᠮᠡᠨᠳᠦ ᠳᠤ ᠠᠰᠢᠭᠳᠠᠢ᠂ ᠤᠨᠴᠠᠭᠠᠢᠢᠯᠠᠨᠪᠦᠰᠡᠭᠦ᠋ᠢᠴᠤᠳ ᠲᠤ ᠠᠪᠴᠤ ᠬᠡᠯᠡᠪᠡᠯ᠂ ᠶᠠᠰᠤ ᠰᠡᠶᠢᠷᠡᠭᠵᠢᠬᠦ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠬᠤ ᠦᠢᠯᠡᠳᠦᠯ ᠲᠠᠢ ᠶᠤᠮ᠃ ᠤᠢᠢᠷ᠎ᠠ ᠳᠤ᠂ ᠪᠡᠭᠡᠵᠢᠩ ᠶᠡᠭᠡ ᠰᠤᠷᠭᠠᠭᠤᠯᠢ ᠶᠢᠨ ᠤᠯᠠᠨ ᠨᠡᠶᠢᠳᠡ ᠶᠢᠨᠡᠷᠡᠭᠦᠯ ᠬᠠᠮᠠᠭᠠᠯᠠᠯ ᠤᠨ ᠲᠡᠭᠡᠳᠦ ᠰᠤᠷᠭᠠᠭᠤᠯᠢ ᠶᠢᠨ ᠯᠢ ᠮᠢᠩ ᠫᠷᠤᠹᠧᠰᠰᠤᠷ ᠤᠨ ᠰᠤᠳᠤᠯᠭᠠᠨ ᠤ ᠪᠠᠭ ᠡᠨᠡ ᠬᠦᠰᠢᠨ᠎ᠠ ᠰᠤᠳᠤᠯᠭᠠᠨ ᠤ ᠦᠷ᠎ᠠ ᠪᠦᠳᠦᠭᠡᠯ ᠢᠶᠠᠨ ᠨᠡᠶᠢᠳᠡᠯᠡᠭᠰᠡᠨ ᠪᠠᠶᠢᠨ᠎ᠠ᠃

ᠠᠷᠤᠭ ᠶᠠᠰᠤᠨ ᠤ ᠬᠠᠳᠠᠨ ᠴᠢᠨᠠᠷ ᠨᠢ ᠶᠠᠰᠤᠨ ᠤ ᠨᠢᠭᠳᠠᠴᠠ ᠪᠤᠯᠤᠨ ᠶᠠᠰᠤᠨ ᠤ ᠶᠠᠰᠤ ᠴᠢᠨᠠᠷ ᠢᠶᠠᠷ ᠲᠤᠭᠳᠠᠭᠠᠭᠳᠠᠨ᠎ᠠ᠂ ᠡᠮᠦᠨᠡᠬᠢ ᠨᠢ 70% ᠶᠢᠨ ᠬᠠᠷᠢᠴᠠᠯ ᠢ ᠡᠵᠡᠯᠡᠨ᠎ᠠ᠃ ᠶᠠᠰᠤᠨ ᠤ ᠨᠢᠭᠳᠠᠴᠠ ᠨᠢ ᠶᠠᠰᠤᠨ ᠤᠬᠡᠮᠵᠢᠶᠡᠨ ᠤ ᠠᠯᠳᠠᠭᠳᠠᠯ ᠤᠨ ᠡᠪᠡᠳᠴᠢᠨ ᠤ ᠵᠦᠢ ᠶᠢ ᠲᠤᠰᠬᠠᠵᠤ᠂ ᠶᠠᠰᠤ ᠪᠡᠷᠳᠡᠬᠦ ᠲᠦᠭᠰᠢᠭᠦᠷᠢ ᠶᠢ ᠤᠷᠢᠳᠴᠢᠯᠠᠨᠢᠯᠡᠷᠭᠡᠶᠢᠯᠡᠵᠤ ᠴᠢᠳᠠᠨ᠎ᠠ᠃ ᠰᠤᠳᠤᠯᠭᠠᠨ ᠤ ᠪᠠᠭ ᠨᠢ 2 ᠲᠦᠮᠡ ᠭᠠᠷᠤᠢ ᠬᠦᠮᠦᠨ ᠤ ᠶᠠᠰᠤᠨ ᠤ ᠨᠢᠭᠳᠠᠴᠠ ᠶᠢᠨ ᠲᠤᠭ᠎ᠠ ᠪᠠᠷᠢᠮᠳᠠ ᠶᠢ ᠦᠨᠳᠦᠰᠦᠯᠡᠨ ᠵᠠᠳᠠᠯᠤᠨ ᠰᠢᠨᠵᠢᠯᠡᠭᠡᠳ ᠮᠡᠳᠡᠭᠰᠡᠨ ᠨᠢ᠂ ᠶᠠᠷᠦ ᠳᠡᠭᠡᠨ ᠴᠠᠢ ᠤᠤᠭᠤᠬᠤ ᠲᠠᠳᠬᠠᠯ ᠲᠠᠢ ᠪᠦᠰᠡᠭᠦ᠋ᠢᠴᠤᠳ ᠤᠨ ᠶᠠᠰᠤᠨ ᠤ ᠨᠢᠭᠳᠠᠴᠠ ᠮᠡᠳᠡᠭᠳᠡᠮ᠎ᠠ ᠶᠡᠭᠡ ᠪᠠᠶᠢᠨ᠎ᠠ᠃ ᠴᠠᠢ ᠪᠦᠷᠢᠬᠦ ᠬᠡᠮᠵᠢᠶ ᠎ᠠ ᠪᠤᠯᠤᠨ ᠶᠠᠰᠤᠨ ᠤ ᠨᠢᠭᠳᠠᠴᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠵᠠᠳᠠᠯᠤᠭᠰᠠᠨ ᠤ ᠲᠠᠷᠠᠭ᠎ᠠ ᠰᠤᠳᠤᠯᠭᠠᠳᠠᠨ ᠤ ᠢᠯᠡᠷᠡᠭᠦᠯᠦᠭᠰᠡᠨ ᠢᠶᠠᠷ᠂ ᠡᠳᠦᠷ ᠪᠦᠷᠢ ᠶᠢᠨ ᠴᠠᠢ ᠪᠦᠷᠢᠵᠤ ᠤᠤᠭᠤᠬᠤ ᠬᠡᠮᠵᠢᠶ᠎ᠠ ᠨᠢ 6 ᠭᠷᠠᠮ ᠠᠴᠠ ᠪᠠᠭ᠎ᠠ ᠬᠦᠮᠦᠰ ᠤᠨ ᠶᠠᠰᠤᠨ ᠤ ᠨᠢᠭᠳᠠᠴᠠ ᠨᠢ ᠴᠠᠢ ᠤᠤᠭᠤᠬᠤ ᠦᠭᠡᠢ ᠬᠦᠮᠦᠰ ᠠᠴᠠ ᠶᠡᠭᠡ ᠪᠠᠶᠢᠨ᠎ᠠ᠃ ᠭᠡᠪᠡᠴᠤ ᠦᠳᠭᠡᠨ ᠴᠠᠢ ᠤᠤᠭᠤᠬᠤ (ᠴᠠᠢ ᠶᠢᠨ ᠬᠡᠮᠵᠢᠶ᠎ᠠ 6 ᠭᠷᠠᠮ ᠡᠳᠦᠷ) ᠬᠦᠮᠦᠨ ᠤ ᠶᠠᠰᠤᠨ ᠤ ᠨᠢᠭᠳᠠᠴᠠ ᠨᠢ ᠦᠷᠭᠦᠯᠵᠢᠯᠡᠨ ᠨᠡᠮᠡᠭᠳᠡᠭᠰᠡᠨ ᠦᠭᠡᠢ᠃

ᠪᠠᠰᠠ ᠨᠢᠭᠡ ᠰᠤᠳᠤᠯᠭᠠᠨ ᠳᠤ᠂ 45 ᠲᠦᠮᠡ ᠭᠠᠷᠤᠢ ᠬᠦᠮᠦᠨ ᠢ ᠤᠷᠳᠤ ᠬᠤᠭᠤᠴᠠᠭ᠎ᠠ ᠪᠠᠷ ᠲᠠᠭᠠᠨ ᠰᠤᠷᠪᠤᠯᠵᠢᠯᠠᠭᠰᠠᠨ ᠲᠤᠭ᠎ᠠ ᠪᠠᠷᠢᠮᠳᠠ ᠪᠠᠷ ᠲᠡᠮᠵᠢᠵᠤ ᠮᠡᠳᠡᠭᠰᠡᠨ ᠨᠢ᠂ ᠡᠳᠦᠷ ᠪᠦᠷᠢ ᠴᠠᠢ ᠤᠤᠭᠤᠬᠤ ᠨᠢ ᠶᠠᠰᠤᠨ ᠤ ᠪᠡᠷᠳᠡᠯ ᠢᠶᠠᠷ ᠡᠮᠨᠡᠯᠭᠡ ᠳᠤ ᠤᠷᠤᠬᠤ ᠨᠤᠷᠮ᠎ᠠ ᠶᠢ ᠪᠠᠭᠠᠰᠬᠠᠵᠠᠢ᠃ ᠲᠤᠰ ᠳ᠋ᠦᠩ ᠨᠢ ᠡᠷᠡᠭᠳᠡᠢ ᠪᠠ ᠡᠮᠡᠭᠳᠡᠢ ᠶᠢᠨ ᠲᠤᠳᠤᠷ᠎ᠠ ᠦᠨᠳᠦᠰᠦᠨ ᠲᠡᠭᠡᠨ ᠠᠳᠠᠯᠢ᠃ ᠡᠭᠦᠨ ᠳᠤ ᠴᠠᠢ ᠤᠤᠭᠤᠳᠠᠭ ᠬᠦᠮᠦᠨ ᠤ ᠰᠡᠭᠦᠵᠢᠨ ᠶᠠᠰᠤᠨ ᠤ ᠪᠡᠷᠳᠡᠯ ᠠᠴᠠ ᠪᠤᠯᠵᠤ ᠡᠮᠨᠡᠯᠭᠡ ᠳᠤ ᠤᠷᠤᠬᠤ ᠲᠦᠭᠰᠢᠭᠦᠷᠢ ᠨᠢ 20% ᠪᠠᠷ ᠪᠠᠭᠤᠷᠠᠵᠤ᠂ 30 ᠵᠢᠯ ᠠᠴᠠ ᠲᠡᠭᠭᠰᠢ ᠴᠠᠢ ᠤᠤᠭᠤᠭᠰᠠᠨ ᠬᠦᠮᠦᠨ ᠤ ᠲᠦᠭᠰᠢᠭᠦᠷᠢ ᠶᠢᠨ ᠪᠤᠯᠤᠮᠵᠢ 32% ᠢᠶᠠᠷ ᠪᠠᠭᠤᠷᠠᠭᠰᠠᠨ ᠪᠠᠶᠢᠨ᠎ᠠ᠃

ᠢᠷᠡᠯᠳᠡ : 

ᠤᠷᠳᠤᠰ ᠮᠤᠩᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ