4a6bab29-27d6-4d56-ac8f-314e225c6954.jpg

7 ᠰᠠᠷ᠎ᠠ ᠶᠢᠨ 14 ᠤ ᠡᠳᠦᠷ᠂ ᠲᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠤᠨ ᠪᠠᠷᠠᠭᠤᠨ ᠬᠡᠰᠡᠭ ᠤᠨ ᠤᠷᠤᠯᠳᠤᠭᠠᠨ ᠤ ᠲᠤᠭᠤᠷᠢᠭ ᠤᠨ ᠤᠷᠤᠯᠳᠤᠭᠠᠨ ᠪᠠᠶᠠᠨᠨᠠᠭᠤᠷ ᠬᠤᠲᠠ ᠶᠢᠨ ᠭᠠᠭᠴᠠᠮᠤᠳᠤ ᠪᠠᠯᠭᠠᠰᠤ ᠶᠢᠨ ᠬᠦᠭᠵᠢᠯᠲᠤ ᠭᠠᠴᠠᠭᠠᠨ ᠤ ᠤᠷᠤᠯᠳᠤᠭᠠᠨ ᠤ ᠲᠠᠯᠠᠪᠤᠷ ᠲᠤ ᠬᠤᠷᠴᠠ ᠰᠢᠷᠦᠭᠦᠨ ᠶᠠᠪᠤᠭᠳᠠᠪᠠ᠃

ᠲᠤᠰ ᠤᠳᠠᠭᠠᠨ ᠤ ᠤᠷᠤᠯᠳᠤᠭᠠᠨ ᠢ ᠤᠷᠠᠳ ᠤᠨ ᠲᠤᠮᠳᠠᠳᠤ ᠬᠤᠰᠢᠭᠤᠨ ᠤ ᠰᠢᠷᠭ᠎ᠠ ᠮᠤᠷᠢᠨ ᠤ ᠨᠡᠶᠢᠭᠡᠮᠯᠢᠭ ᠲᠠᠭᠠᠭᠠᠴᠢᠯᠠᠨ ᠡᠷᠬᠢᠯᠡᠵᠦ᠂ ᠤᠷᠤᠯᠳᠤᠭᠠᠨ ᠤ ᠲᠦᠷᠦᠯ ᠵᠦᠢᠯ ᠳᠤ ᠴᠡᠪᠡᠷ ᠴᠢᠰᠤᠨ ᠤ ᠮᠤᠩᠭᠤᠯ ᠮᠤᠷᠢᠨ ᠤ 10000 ᠮᠧᠲᠷ ᠤᠨ ᠬᠤᠯᠠ ᠬᠦᠶᠦᠬᠦ ᠤᠷᠤᠯᠳᠤᠭᠠᠨ᠂ 5000 ᠮᠧᠲᠷ ᠤᠨ ᠲᠠᠯᠠᠪᠠᠢ ᠲᠤᠭᠤᠷᠢᠬᠤ ᠤᠷᠤᠯᠳᠤᠭᠠᠨ᠂ 8000 ᠮᠧᠲᠷ ᠤᠨ ᠬᠠᠲᠠᠷᠢᠶ ᠎ᠠ ᠮᠤᠷᠢᠨ ᠤ ᠤᠷᠤᠯᠳᠤᠭᠠᠨ᠂ ᠲᠠᠭ᠎ᠠ ᠮᠤᠷᠢᠨ ᠤ 4000 ᠮᠧᠲᠷ ᠤᠨ ᠤᠷᠤᠯᠳᠤᠭᠠᠨ ᠵᠡᠷᠭᠡ ᠤᠯᠠᠮᠵᠢᠯᠠᠯᠲᠤ ᠤᠷᠤᠯᠳᠤᠭᠠᠨ ᠵᠢᠴᠢ ᠮᠤᠷᠢᠨ ᠳᠡᠭᠡᠷ᠎ᠡ ᠠᠴᠠ ᠬᠠᠳᠠᠭ ᠰᠢᠭᠦᠷᠡᠬᠦ᠂ ᠮᠤᠷᠢ ᠤᠨᠤᠨ ᠲᠦᠩᠰᠡ ᠲᠤᠭᠤᠷᠢᠬᠤ ᠤᠷᠤᠯᠳᠤᠭᠠᠨ᠂ ᠮᠤᠩᠭᠤᠯ ᠮᠤᠷᠢᠨ ᠤ ᠭᠠᠩᠭᠠᠩ ᠮᠤᠷᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠠᠨ ᠰᠠᠶᠢᠬᠠᠨ ᠠᠭᠤᠯᠭ᠎ᠠ    ᠪᠠᠭᠲᠠᠨ᠎ᠠ᠃ ᠪᠤᠭᠤᠳᠤ ᠬᠤᠲᠠ ᠶᠢᠨ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤ᠂ ᠤᠷᠳᠤᠰ ᠬᠤᠲᠠ᠂ ᠪᠠᠶᠠᠨᠨᠠᠭᠤᠷ ᠬᠤᠲᠠ ᠶᠢᠨ ᠤᠷᠠᠳ ᠤᠨ ᠭᠤᠷᠪᠠᠨ ᠬᠤᠰᠢᠭᠤ ᠠᠴᠠ ᠬᠦᠷᠦᠯᠴᠡᠨ ᠢᠷᠡᠭᠰᠡᠨ 100 ᠭᠠᠷᠤᠢ ᠤᠶᠠᠭᠠᠴᠢᠨ ᠬᠠᠶᠢᠷᠠᠲᠤ ᠬᠦᠯᠦᠭ ᠲᠠᠢ ᠪᠠᠨ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃ 

ᠤᠷᠠᠳ ᠤᠨ ᠡᠮᠦᠨᠡᠲᠦ ᠬᠤᠰᠢᠭᠤᠨ ᠤ ᠵᠠᠯᠠᠭᠤ ᠤᠶᠠᠭᠠᠴᠢᠨ ᠬᠠᠶᠢᠷᠬᠠᠨ ᠤᠶᠠᠭᠠᠴᠢᠨ ᠪᠤᠯᠤᠭᠠᠳ ᠬᠤᠶᠠᠷ ᠭᠤᠷᠪᠠᠭ᠋ᠠᠨ ᠵᠢᠯ ᠤᠨ ᠨᠢᠭᠤᠷ   ᠦᠵᠡᠵᠤ᠂ ᠡᠨᠡ ᠡᠳᠦᠷ ᠤᠨ ᠤᠷᠤᠯᠳᠤᠭᠠᠨ ᠳᠤ ᠠᠮᠵᠢᠯᠲᠠ ᠰᠠᠶᠢᠲᠠᠢ ᠪᠤᠯᠵᠤ᠂ ᠲᠠᠭ᠎ᠠ ᠮᠤᠷᠢᠨ ᠤ ᠤᠷᠤᠯᠳᠤᠭᠠᠨ ᠳᠤ ᠤᠶᠠᠭᠰᠠᠨ ᠲᠠᠭ᠎ᠠ ᠨᠢ ᠲᠦᠷᠦᠭᠦᠯᠡᠭᠰᠡᠨ ᠪᠠᠶᠢᠨ᠎ᠠ᠃ ᠲᠡᠷᠡ᠄ 《ᠡᠨᠡ ᠡᠳᠦᠷ ᠮᠢᠨᠤ ᠬᠠᠶᠢᠷᠠᠲᠠᠢ ᠲᠠᠭ᠎ᠠ ᠲᠦᠷᠦᠭᠦᠯᠡᠭᠰᠡᠨ ᠳᠤ ᠪᠢ ᠮᠠᠰᠢ ᠰᠡᠳᠭᠢᠯ ᠲᠤᠭᠳᠤᠯᠵᠤ ᠪᠠᠶᠢᠨ᠎ᠠ︕ ᠡᠨᠡ ᠨᠢ ᠨᠠᠳᠠ ᠳᠤ ᠤᠶᠠᠭᠠᠴᠢᠨ ᠪᠤᠯᠵᠤ ᠤᠷᠤᠯᠳᠤᠭᠠᠨ ᠤ ᠮᠤᠷᠢ ᠰᠤᠷᠭᠠᠬᠤ ᠳᠤ ᠤᠯᠠᠮ ᠶᠡᠭᠡ ᠢᠳᠡᠭᠡᠯ ᠲᠠᠢ ᠪᠤᠯᠭᠠᠵᠤ᠂ ᠪᠢ ᠦᠷᠭᠦᠯᠵᠢᠯᠡᠨ ᠰᠠᠶᠢᠨ ᠴᠢᠷᠮᠠᠶᠢᠵᠤ᠂ ᠤᠯᠠᠮ ᠶᠡᠭᠡ ᠬᠡᠪᠴᠢᠶᠡᠨ ᠤ ᠤᠷᠤᠯᠳᠤᠭᠠᠨ ᠳᠤ ᠤᠷᠤᠯᠴᠠᠬᠤ ᠪᠠᠷ ᠮᠡᠷᠡᠶᠢᠬᠦ ᠪᠤᠯᠤᠨ᠎ᠠ》 ᠬᠡᠮᠡᠨ ᠲᠤᠭᠳᠤᠯᠤᠨ ᠶᠠᠷᠢᠨ᠎ᠠ᠃ ᠡᠭᠦᠨ ᠠᠴᠠ ᠭᠠᠳᠠᠨ᠎ᠠ᠂ ᠤᠷᠠᠳ ᠤᠨ ᠲᠤᠮᠳᠠᠳᠤ ᠬᠤᠰᠢᠭᠤᠨ ᠤ ᠬᠡᠰᠢᠭ ᠤᠨ ᠬᠤᠶᠠᠷ ᠮᠤᠷᠢ ᠨᠢ ᠲᠤᠰ ᠲᠤᠰ 10000 ᠮᠧᠲᠷ ᠪᠠ 5000 ᠮᠧᠲᠷ ᠤᠨ ᠤᠷᠤᠯᠳᠤᠭᠠᠨ ᠳᠤ ᠲᠦᠷᠦᠭᠦᠯᠡᠵᠦ᠂ ᠡᠨᠡ ᠡᠳᠦᠷ ᠤᠨ ᠬᠠᠮᠤᠭ ᠤᠨ ᠶᠡᠭᠡ ᠢᠯᠠᠭᠴᠢ ᠪᠤᠯᠤᠭᠰᠠᠨ ᠪᠠᠶᠢᠨ᠎ᠠ᠃  

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ