3b380628-ef74-4e00-85c1-2a9abcf4da70.jpg

《ᠠᠷᠤ ᠲᠠᠯ᠎ᠠ ᠶᠢᠨ ᠬᠥᠯ ᠪᠥᠮᠪᠥᠬᠡᠴᠢᠨ ᠢ ᠠᠩᠬᠠᠷᠤᠭᠠᠷᠠᠢ︕》ᠬᠡᠵᠥ ᠲᠠᠮᠢᠷᠴᠢᠨ ᠮᠠ ᠪᠥᠸᠧ ᠡᠰᠡᠷᠬᠦ ᠡᠳᠡᠭᠡᠳ ᠤᠨ ᠡᠬᠦᠳᠠ ᠶᠢ ᠴᠢᠭᠯᠡᠨ ᠬᠥᠶᠤᠬᠦ ᠶᠢᠨ ᠬᠠᠮᠳᠤ ᠬᠥᠯ ᠪᠥᠮᠪᠦᠭᠡ ᠶᠢ ᠡᠵᠡᠮᠳᠡᠭᠡ ᠠᠩᠭᠢ ᠶᠢᠨ ᠨᠠᠶᠢᠵᠨ ᠳᠠᠭᠠᠨ ᠰᠠᠨᠠᠭᠤᠯᠤᠨ᠎ᠠ ᠁ ᠡᠨᠡ ᠪᠤᠯ ᠲᠥᠷᠥᠬᠦᠬᠡᠨ ᠤᠷᠳᠤᠰ ᠬᠤᠳᠠ ᠶᠢᠨ ᠪᠡᠶ᠎ᠠ ᠶᠢᠨ ᠲᠠᠮᠢᠷ ᠤᠨ ᠲᠥᠪ ᠲᠤ ᠶᠠᠪᠤᠬᠳᠠᠬᠰᠠᠨ 2019 ᠤᠨ ᠤ ᠤᠷᠳᠤᠰ ᠬᠤᠳᠠ ᠶᠢᠨ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠬᠥᠬᠡ ᠲᠡᠰ ᠤᠨ ᠬᠤᠯᠪᠤᠭᠠᠳᠤ ᠤᠷᠤᠯᠳᠤᠭᠠᠨ ᠤ ᠥᠵᠡᠭᠳᠡᠯ ᠪᠤᠯᠤᠨ᠎ᠠ᠃ ᠲᠠᠮᠢᠷᠴᠢᠨ ᠮᠠ ᠪᠥᠸᠧ ᠡᠨᠡ ᠤᠷᠤᠯᠳᠤᠭᠠᠨ ᠳᠤ ᠡᠵᠡᠨ ᠬᠤᠷᠤᠭ᠎ᠠ ᠬᠤᠰᠢᠭᠤ ᠶᠢᠨ《ᠲᠡᠭᠷᠢᠯᠢᠭ ᠬᠥᠪᠡᠭᠦᠨ》ᠬᠥᠯ ᠪᠥᠮᠪᠦᠭᠡ ᠶᠢᠨ ᠺᠯᠦ᠋ᠪ ᠤᠨ ᠠᠩᠭᠢ ᠶᠢ ᠲᠥᠯᠥᠭᠡᠯᠡᠨ ᠤᠷᠤᠯᠴᠠᠵᠥ᠂ ᠤᠷᠤᠯᠳᠤᠭᠠᠨ ᠤ ᠳ᠋ᠥᠡᠭ ᠳᠤ ᠮᠠ ᠪᠥᠸᠧ ᠶᠢᠨ ᠠᠩᠭᠢ ᠲᠥᠷᠪᠡᠳᠥᠭᠡᠷ ᠲᠤ ᠵᠢᠬᠰᠠᠭᠠᠬᠳᠠᠬᠰᠠᠨ ᠪᠠᠶᠢᠨ᠎ᠠ᠃

《ᠡᠨᠡ ᠤᠳᠠᠭ᠎ᠠ ᠶᠢᠨ ᠤᠷᠤᠯᠳᠤᠭᠠᠨ ᠤ ᠨᠡᠷᠡᠰ ᠤᠨ ᠲᠠᠷᠠᠭᠠᠯᠠᠯ ᠠᠩᠭᠢ ᠨᠢᠭᠡᠴᠢ ᠶᠢᠨ ᠲᠡᠰ ᠲᠡᠪᠰᠢᠬᠦ ᠲᠠᠢ ᠬᠤᠯᠪᠤᠬᠳᠠᠬᠤ ᠪᠤᠯᠬᠤᠷ ᠤᠯᠠᠨ ᠢᠶᠠᠷ ᠢᠶᠠᠨ ᠤᠷᠤᠯᠳᠤᠭᠠᠨ ᠳᠤ ᠢᠯᠠᠬᠤ ᠶᠢ ᠲᠤᠩ ᠴᠢᠬᠤᠯᠠᠴᠢᠯᠠᠨ ᠥᠵᠡᠭᠰᠡᠨ ᠪᠠᠶᠢᠨ᠎ᠠ》ᠬᠡᠵᠥ ᠤᠳᠤᠬ ᠤᠨ ᠡᠮᠥᠨᠡᠳᠤ ᠬᠤᠰᠢᠭᠤᠨ ᠤ ᠲᠥᠯᠥᠭᠡᠯᠡᠭᠴᠢ ᠶᠢᠨ ᠠᠩᠬᠢ ᠶᠢᠨ ᠲᠠᠮᠢᠷᠴᠢᠨ ᠴᠢᠨᠳᠠᠭ᠎ᠠ ᠶᠠᠷᠢᠵᠥ ᠪᠢᠯᠠ᠃ ᠲᠡᠷᠡ ᠪᠡᠰᠠ᠄《ᠮᠠᠨ ᠤ ᠲᠥᠯᠥᠭᠡᠯᠡᠭᠴᠢ ᠶᠢᠨ ᠠᠩᠭᠢ ᠲᠤᠰ ᠤᠳᠠᠭ᠎ᠠ ᠶᠢᠨ ᠤᠷᠤᠯᠳᠤᠭᠠᠨ ᠳᠤ ᠲᠡᠳ᠋ᠯᠡᠭᠰᠡᠨ ᠪᠠᠶᠢᠨ᠎ᠠ᠂ ᠲᠠᠷᠠᠭᠠᠴᠢ ᠶᠢᠨ ᠤᠷᠤᠯᠳᠤᠭᠠᠨ ᠳᠠᠭᠠᠨ ᠨᠠᠩ ᠥᠨᠳᠤᠷ ᠬᠢᠷᠢ ᠪᠥᠳᠥᠮᠵᠢ ᠡᠬᠦᠳᠬᠦ ᠪᠠᠷ ᠴᠢᠷᠮᠠᠶᠢᠨ᠎ᠠ》ᠬᠡᠵᠥ ᠢᠳᠡᠭᠡᠯ ᠲᠡᠬᠦᠯᠳᠡᠷ ᠶᠠᠷᠢᠨ᠎ᠠ᠃

7 ᠡᠳᠤᠷ ᠶᠠᠪᠤᠬᠳᠠᠬᠰᠠᠨ ᠤᠷᠳᠤᠰ ᠬᠤᠳᠠ ᠶᠢᠨ 2019 ᠤᠨ ᠤ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠬᠥᠬᠡ ᠲᠠᠰ ᠤᠨ ᠬᠤᠯᠪᠤᠭᠠᠳᠤ ᠤᠷᠤᠯᠳᠤᠭᠠᠨ ᠳᠤ ᠤᠷᠳᠤᠰ ᠬᠤᠳᠠ ᠶᠢᠨ ᠳ᠋ᠥᠡᠭᠱᠸᠡᠭ ᠲᠤᠭᠤᠷᠢᠬ ᠤᠨ ᠮᠠᠨ ᠰᠧᠨ ᠬᠥᠯ ᠪᠥᠮᠪᠦᠭᠡ ᠶᠢᠨ ᠺᠯᠦ᠋ᠪ᠂ ᠤᠷᠳᠤᠰ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠥᠯ ᠪᠥᠮᠪᠦᠭᠡ ᠶᠢᠨ ᠠᠩᠭᠢ ᠵᠡᠷᠭᠡ 8 ᠲᠥᠯᠥᠭᠡᠯᠡᠭᠴᠢ ᠶᠢᠨ ᠠᠩᠭᠢ ᠶᠢᠨ 80 ᠭᠠᠷᠤᠢ ᠲᠠᠮᠢᠷᠴᠢᠨ ᠤᠷᠤᠯᠴᠠᠪᠠ᠃《2015 ᠤᠨ ᠠᠴᠠ ᠤᠳᠤᠬᠠᠨ ᠪᠤᠯᠳᠠᠯ᠎ᠠ᠂ ᠤᠷᠳᠤᠰ ᠬᠤᠳᠠ ᠶᠢᠨ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠬᠥᠬᠡ ᠲᠠᠰ ᠤᠨ ᠬᠤᠯᠪᠤᠭᠠᠳᠤ ᠤᠷᠤᠯᠳᠤᠭᠠᠨ ᠪᠠ ᠬᠥᠭᠡᠭᠴᠢᠨ ᠲᠡᠰ ᠤᠨ ᠤᠷᠤᠯᠳᠤᠭᠠᠨ ᠢ ᠲᠠᠷᠠᠭᠠᠯᠠᠨ 4 ᠬᠤᠭᠤᠴᠠᠭ᠎ᠠ ᠡᠷᠬᠢᠯᠡᠵᠡᠢ᠂ ᠤᠷᠤᠯᠳᠤᠭᠠᠨ ᠳᠤ ᠲᠡᠰ ᠪᠠᠭᠤᠷᠠᠭᠤᠯᠬᠤ ᠪᠠ ᠲᠡᠰ ᠲᠠᠪᠰᠢᠬᠦᠯᠬᠦ ᠲᠥᠷᠢᠮ ᠢ ᠭᠡᠷᠡᠭᠵᠢᠬᠦᠯᠵᠥ ᠪᠤᠢ᠃ ᠲᠠᠷᠤᠢ ᠬᠥᠬᠡ ᠲᠠᠰ ᠤᠨ ᠤᠷᠤᠯᠳᠤᠭᠠᠨ ᠳᠤ ᠰᠡᠬᠦᠯ ᠤᠨ ᠬᠤᠶᠠᠷ ᠨᠡᠷᠡᠰ ᠲᠤ ᠤᠷᠤᠬᠰᠠᠨ ᠠᠩᠭᠢ ᠶᠢ ᠲᠠᠷᠠᠭ᠎ᠠ ᠤᠳᠠᠭ᠎ᠠ ᠶᠢᠨ ᠤᠷᠤᠯᠳᠤᠭᠠᠨ ᠳᠤ ᠲᠡᠰ ᠪᠠᠭᠤᠷᠠᠭᠤᠯᠵᠥ᠂ ᠬᠥᠬᠡᠭᠴᠢᠨ ᠲᠡᠰ ᠤᠨ ᠤᠷᠤᠯᠳᠤᠭᠠᠨ ᠳᠤ ᠤᠷᠤᠯᠴᠠᠭᠤᠯᠤᠨ᠎ᠠ᠂ ᠬᠥᠬᠡᠭᠴᠢᠨ ᠲᠡᠰ ᠤᠨ ᠤᠷᠤᠯᠳᠤᠭᠠᠨ ᠤ ᠡᠮᠥᠨ᠎ᠠ ᠬᠤᠶᠠᠷ ᠲᠤ ᠤᠷᠤᠬᠰᠠᠨ ᠲᠥᠯᠥᠭᠡᠯᠡᠭᠴᠢ ᠶᠢᠨ ᠠᠩᠭᠢ ᠶᠢ ᠲᠠᠷᠠᠭ᠎ᠠ ᠤᠳᠠᠭ᠎ᠠ ᠶᠢᠨ ᠤᠷᠤᠯᠳᠤᠭᠠᠨ ᠳᠤ ᠲᠡᠰ ᠲᠠᠪᠰᠢᠬᠦᠯᠥᠨ ᠬᠥᠬᠡ ᠲᠡᠰ ᠤᠨ ᠤᠷᠤᠯᠳᠤᠭᠠᠨ ᠳᠤ ᠤᠷᠤᠯᠴᠠᠭᠤᠯᠬᠤ ᠪᠤᠯᠤᠨ᠎ᠠ᠃ ᠡᠨᠡ ᠬᠦ ᠲᠠᠰ ᠲᠠᠪᠰᠢᠬᠦᠯᠬᠦ ᠠᠷᠭ᠎ᠠ ᠡᠯ᠎ᠠ ᠲᠥᠯᠥᠭᠡᠯᠡᠭᠴᠢ ᠶᠢᠨ ᠠᠩᠭᠢ ᠶᠢᠨ ᠲᠠᠮᠢᠷᠴᠢᠳ ᠤᠨ ᠢᠳᠡᠪᠬᠢᠵᠢᠯ ᠢ ᠶᠡᠭᠡ ᠪᠠᠷ ᠲᠡᠭᠡᠭᠰᠢᠯᠡᠬᠦᠯᠵᠥ᠂ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠤᠷᠤᠯᠳᠤᠭᠠᠨ ᠴᠤ ᠤᠷᠳᠤᠰ ᠬᠤᠳᠠ ᠳᠤ ᠨᠢᠬᠡᠨᠳᠠ ᠨᠥᠯᠥᠬᠡ ᠶᠡᠬᠡᠳᠠᠢ ᠬᠥᠯ ᠪᠥᠮᠪᠦᠭᠡ ᠶᠢᠨ ᠤᠷᠤᠯᠳᠤᠭᠠᠨ ᠤ ᠲᠥᠷᠥᠯ ᠪᠤᠯᠤᠬᠰᠠᠨ ᠪᠠᠶᠢᠨ᠎ᠠ》ᠬᠡᠵᠥ ᠤᠷᠳᠤᠰ ᠬᠤᠳᠠ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠬᠠᠮᠢᠶᠠᠷᠤᠯᠳᠠ ᠶᠢᠨ ᠲᠥᠪ ᠤᠨ ᠡᠷᠬᠢᠯᠡᠭᠴᠢ ᠵᠢᠶᠧ ᠶᠤᠸᠠᠨ ᠹᠸᠡᠭ ᠡᠷᠬᠢᠯᠡᠭᠴᠢ ᠲᠠᠨᠢᠯᠴᠠᠭᠤᠯᠵᠥ ᠪᠢᠯᠠ᠃《ᠲᠤᠰ ᠤᠳᠠᠭ᠎ᠠ ᠶᠢᠨ ᠤᠷᠤᠯᠳᠤᠭᠠᠨ ᠢᠶᠠᠷ 2019 ᠤᠨ ᠤ ᠤᠷᠳᠤᠰ ᠬᠤᠳᠠ ᠶᠢᠨ ᠤᠯᠠᠨ ᠲᠥᠮᠡᠨᠴᠢ ᠴᠢᠨᠠᠷᠳᠠᠢ ᠬᠥᠯ ᠪᠥᠮᠪᠦᠭᠡ ᠶᠢᠨ ᠰᠢᠷᠢᠰ ᠤᠷᠤᠯᠳᠤᠭᠠᠨ ᠬᠥᠰᠢᠭᠡ ᠪᠠᠨ ᠢᠷᠠᠬᠰᠠᠨ ᠪᠠᠶᠢᠨ᠎ᠠ᠃ ᠢᠷᠡᠬᠦ ᠬᠡᠳᠤᠨ ᠰᠠᠷ᠎ᠠ ᠳᠤ ᠤᠷᠳᠤᠰ ᠬᠤᠳᠠ ᠶᠢᠨ ᠠᠵᠢᠯ ᠤᠨ ᠴᠢᠯᠥᠬᠡᠨ ᠤ ᠬᠥᠯ ᠪᠥᠮᠪᠦᠭᠡ ᠶᠢᠨ ᠤᠷᠤᠯᠳᠤᠭᠠᠨ᠂ ᠠᠵᠢᠯᠳᠠᠨ ᠠᠵᠢᠯᠴᠢᠨ ᠤ ᠬᠥᠯ ᠪᠥᠮᠪᠦᠭᠡ ᠶᠢᠨ ᠤᠷᠤᠯᠳᠤᠭᠠᠨ᠂ ᠨᠡᠶᠢᠭᠡᠮ ᠲᠤᠭᠤᠷᠢᠬ ᠤᠨ ᠬᠥᠯ ᠪᠥᠮᠪᠦᠭᠡ ᠶᠢᠨ ᠤᠷᠤᠯᠳᠤᠭᠠᠨ ᠵᠡᠷᠭᠡ ᠶᠢ ᠵᠠᠯᠭᠠᠭ᠎ᠠ ᠪᠠᠷ ᠦᠷᠨᠢᠭᠦᠯᠬᠦ ᠪᠤᠯᠤᠨ᠎ᠠ》ᠭᠡᠵᠦ ᠲᠡᠷᠡ ᠲᠠᠨᠢᠯᠴᠠᠭᠤᠯᠪᠠ᠃ 

ᠥᠢᠯᠠᠭᠠᠬᠰᠠᠨ ᠢᠶᠠᠷ᠂ ᠤᠷᠳᠤᠰ ᠬᠤᠳᠠ 2019 ᠤᠨ ᠤ ᠡᠬᠢ ᠪᠠᠷ ᠪᠥᠬᠦ ᠤᠯᠤᠰ ᠪᠠ ᠤᠷᠤᠨ ᠤ ᠲᠡᠰ ᠤᠨ ᠲᠠᠪᠤᠨ ᠬᠥᠮᠥᠨ ᠤ ᠲᠥᠷᠢᠮᠳᠤ ᠭᠡᠷ ᠲᠤᠳᠤᠷᠠᠬᠢ ᠬᠥᠯ ᠪᠥᠮᠪᠦᠭᠡ ᠶᠢᠨ ᠤᠷᠤᠯᠳᠤᠭᠠᠨ ᠢ ᠤᠯᠠᠨ ᠤᠳᠠᠭ᠎ᠠ ᠡᠷᠬᠢᠯᠡᠪᠡ᠃ ᠡᠬᠦᠨ ᠳᠤ 1 ᠰᠠᠷ᠎ᠠ ᠶᠢᠨ 3 — 8 ᠤ ᠡᠳᠤᠷ ᠪᠤᠯᠳᠠᠯ᠎ᠠ᠂ ᠥᠪᠡᠷᠳᠡᠭᠡᠨ ᠵᠠᠰᠠᠬᠤ ᠤᠷᠤᠨ ᠤ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠮᠠᠩᠯᠠᠢ ᠬᠤᠨᠳᠠᠭᠠᠳᠤ ᠤᠷᠤᠯᠳᠤᠭᠠᠨ ᠢ ᠡᠷᠬᠢᠯᠡᠨ ᠶᠠᠪᠤᠬᠳᠠᠭᠤᠯᠪᠠ︔ 4 ᠰᠠᠷ᠎ᠠ ᠶᠢᠨ 6 — 13 ᠤ ᠡᠳᠤᠷ ᠪᠤᠯᠳᠠᠯ᠎ᠠ᠂ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠤᠷᠤᠯᠳᠤᠭᠠᠨ ᠤ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠺᠯᠦ᠋ᠪ ᠤᠨ ᠡᠷᠡᠭᠳᠠᠢ ᠶᠢᠨ 12 — 13 ᠨᠠᠰᠤᠨ ᠤ ᠲᠤᠭᠤᠢᠢᠯᠠᠩ ᠤᠨ ᠤᠷᠤᠯᠳᠤᠭᠠᠨ ᠢ ᠡᠷᠬᠢᠯᠡᠨ ᠶᠠᠪᠤᠬᠳᠠᠭᠤᠯᠵᠠᠢ︔ 5 ᠰᠠᠷ᠎ᠠ ᠶᠢᠨ 22 ᠤᠨ ᠡᠳᠤᠷ᠂ 2019 ᠤᠨ ᠤ ᠲᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠭᠡᠷ ᠲᠤᠳᠤᠷᠠᠬᠢ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠬᠥᠬᠡ ᠲᠡᠰ ᠤᠨ ᠬᠤᠯᠪᠤᠭᠠᠳᠤ ᠤᠷᠤᠯᠳᠤᠭᠠᠨ ᠤ ᠶᠡᠷᠥᠩᠭᠡᠢ ᠰᠢᠢᠳᠪᠤᠷᠢᠳᠤ ᠤᠷᠤᠯᠳᠤᠭᠠᠨ ᠢ ᠡᠷᠬᠢᠯᠡᠨ ᠶᠠᠪᠤᠬᠳᠠᠭᠤᠯᠤᠬᠰᠠᠨ ᠪᠠᠶᠢᠨ᠎ᠠ᠃ 

ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠤᠷᠤᠯᠳᠤᠭᠠᠨ ᠬᠡᠳᠦ᠋ᠢᠪᠡᠷ ᠴᠤ᠋ ᠰᠢᠨ᠎ᠠ ᠬᠡᠯᠪᠡᠷᠢ ᠶᠢᠨ ᠬᠥᠯ ᠪᠥᠮᠪᠦᠭᠡ ᠶᠢᠨ ᠤᠷᠤᠯᠳᠤᠭᠠᠨ ᠪᠤᠯᠪᠠᠴᠤ ᠤᠷᠤᠯᠳᠤᠭᠠᠨ ᠤ ᠮᠡᠷᠭᠡᠵᠢᠯ ᠨᠢ ᠤᠯᠠᠨ ᠶᠠᠩᠵᠥ᠂ ᠲᠠᠭᠠᠷᠢᠯᠳᠠ ᠬᠢᠬᠦ ᠪᠠ ᠰᠡᠷᠭᠡᠶᠢᠯᠡᠯᠳᠠ ᠬᠢᠬᠦ ᠨᠢ ᠤᠬᠵᠤᠮ ᠲᠥᠷᠭᠡᠨ ᠪᠠᠶᠢᠳᠠᠬ ᠢᠶᠠᠷ ᠢᠶᠠᠨ ᠬᠥᠯ ᠪᠥᠮᠪᠥᠭᠡᠴᠢᠨ ᠤ ᠮᠡᠷᠭᠡᠵᠢᠯ ᠪᠠ ᠬᠠᠷᠢᠯᠴᠠᠨ ᠬᠠᠮᠵᠢᠯᠴᠠᠬᠤ ᠲᠠᠯ᠎ᠠ ᠶᠢᠨ ᠤᠷ᠎ᠠ ᠮᠡᠷᠭᠡᠰᠢᠯ ᠢ ᠤᠨᠴᠠᠭᠠᠢ ᠱᠠᠭᠠᠷᠳᠠᠳᠠᠭ᠃ ᠥᠢᠯᠠᠭᠠᠬᠰᠠᠨ ᠢᠶᠠᠷ᠂ ᠲᠠᠪᠤᠨ ᠬᠥᠮᠥᠨ ᠤ ᠲᠥᠷᠢᠮᠳᠤ ᠬᠥᠯ ᠪᠥᠮᠪᠦᠭᠡ ᠶᠢᠨ ᠤᠷᠤᠯᠳᠤᠭᠠᠨ ᠤ ᠲᠥᠷᠥᠯ ᠲᠦᠷᠦᠭᠦᠬᠡᠨ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠴᠤᠬᠯᠠᠭᠠᠨ ᠤ ᠤᠷᠤᠯᠳᠤᠭᠠᠨ ᠤ ᠲᠥᠷᠥᠯ ᠢᠶᠠᠷ ᠠᠩᠬ᠎ᠠ ᠤᠳᠠᠭ᠎ᠠ ᠲᠤᠬᠳᠠᠭᠠᠬᠳᠠᠪᠠ᠃ ᠡᠬᠦᠨ ᠳᠤ ᠮᠠᠨ ᠤ ᠤᠷᠤᠨ ᠡᠯ᠎ᠠ ᠨᠠᠰᠤᠨ ᠤ ᠲᠡᠰ ᠤᠨ ᠤᠷᠤᠯᠳᠤᠭᠠᠨ ᠳᠤ ᠨᠡᠶᠢᠳᠠ 47 ᠲᠥᠯᠥᠭᠡᠯᠡᠭᠴᠢ ᠶᠢᠨ ᠠᠩᠭᠢ ᠶᠢ ᠲᠤᠮᠢᠯᠠᠨ ᠤᠷᠤᠯᠴᠠᠭᠤᠯᠬᠤ ᠪᠠᠷ ᠤᠳᠤᠬᠠᠨ ᠳᠤ ᠰᠤᠷᠢᠭ᠎ᠠ ᠪᠤᠯᠪᠠᠰᠤᠷᠠᠯ ᠢᠶᠠᠨ ᠱᠠᠯᠠᠪᠳᠡᠨ ᠬᠢᠵᠦ ᠪᠤᠢ᠃ 

《ᠲᠠᠪᠤᠨ ᠬᠦᠮᠦᠨ ᠤ ᠲᠦᠷᠢᠮᠳᠦ ᠤᠷᠤᠯᠳᠤᠭᠠᠨ ᠨᠢ ᠬᠥᠯ ᠪᠥᠮᠪᠦᠭᠡ ᠶᠢᠨ ᠲᠠᠮᠢᠷᠴᠢᠨ ᠤ ᠮᠡᠷᠭᠡᠵᠢᠯ ᠤᠨ ᠲᠠᠯ᠎ᠠ ᠪᠠᠷ ᠮᠠᠰᠢ ᠦᠨᠳᠦᠷ ᠱᠠᠭᠠᠷᠳᠠᠯᠭ᠎ᠠ ᠲᠠᠢ ᠪᠠᠶᠢᠵᠦ᠂ ᠲᠠᠮᠢᠷᠴᠢᠳ ᠬᠤᠭᠤᠷᠤᠨᠳᠤ ᠪᠠᠨ ᠰᠠᠶᠢᠳᠤᠷ ᠪᠥᠯᠬᠦᠮᠳᠠᠨ ᠬᠠᠮᠳᠤᠷᠠᠯᠴᠠᠪᠠᠯ ᠰᠠᠶ᠋ᠢ ᠢᠯᠠᠯᠲᠠ ᠤᠯᠵᠦ ᠴᠢᠳᠠᠨ᠎ᠠ᠃ ᠬᠡᠤᠭᠡᠳ ᠤᠳ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠪᠤᠯᠪᠠᠰᠤᠷᠠᠯ ᠪᠠ ᠤᠷᠤᠯᠳᠤᠭᠠᠨ ᠳᠤ ᠤᠷᠤᠯᠴᠠᠵᠦ᠂ ᠰᠠᠭᠤᠷᠢ ᠪᠠᠨ ᠰᠠᠶᠢᠨ ᠲᠠᠯᠪᠢᠪᠡᠯ ᠬᠤᠵᠢᠮ 11 ᠬᠦᠮᠦᠨ ᠤ ᠲᠦᠷᠢᠮᠳᠦ ᠬᠥᠯ ᠪᠥᠮᠪᠦᠭᠡ ᠶᠢᠨ ᠤᠷᠤᠯᠳᠤᠭᠠᠨ ᠳᠤ ᠤᠷᠤᠯᠴᠠᠬᠤ ᠤᠷ᠎ᠠ ᠲᠠᠮ ᠤᠨ ᠲᠠᠯ᠎ᠠ ᠪᠠᠷ ᠬᠠᠰᠢᠷ ᠭᠠᠷᠮᠠᠭᠠᠢ ᠪᠤᠯᠬᠤ ᠳᠤ ᠲᠤᠩ ᠠᠰᠢᠬᠳᠠᠢ ᠪᠠᠶᠢᠳᠠᠬ ᠶᠤᠮ》ᠭᠡᠵᠦ ᠦᠪᠦᠷ ᠮᠤᠩᠭᠤᠯ ᠤᠨ ᠱᠸᠡᠭ ᠯᠧ ᠮᠸᠡᠭ ᠶᠠᠩ ᠬᠦᠯ ᠪᠦᠮᠪᠦᠭᠡ ᠶᠢᠨ ᠺᠯᠦ᠋ᠪ ᠤᠨ ᠳᠠᠰᠬᠠᠯᠵᠢᠭᠤᠯᠤᠭᠴᠢ ᠺᠠᠨᠭ᠌ ᠳ᠋ᠧ ᠯᠦᠡᠭ ᠶᠠᠷᠢᠵᠦ ᠪᠠᠶᠢᠯ᠎ᠠ᠃( ᠦᠷᠭᠡᠨ)

c0833e36-26f7-47da-8100-c038fd06442d.jpg

444c794d-6efd-46bd-bec4-6c7ab2aec258.jpg


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ