ᠤᠢᠢᠷ᠎ᠠ ᠳᠤ᠂ ᠬᠦᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠬᠦᠬᠡᠬᠤᠲᠠ ᠶᠢᠨ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠬᠳᠠᠪᠠ᠃

ᠤᠢᠢᠯᠠᠭᠠᠬᠰᠠᠨ ᠢᠶᠠᠷ᠂ ᠲᠤᠰ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠨᠢ ᠪᠦᠬᠦ ᠨᠡᠶᠢᠬᠡᠮ ᠤᠨ ᠵᠡᠮᠳᠡᠭᠴᠤᠳ ᠢ ᠤᠢᠢᠯᠠᠭᠠᠬᠤ᠂ ᠬᠦᠨᠳᠦᠳᠭᠡᠬᠦ᠂ ᠬᠠᠯᠠᠮᠵᠢᠯᠠᠬᠤ ᠠᠭᠤᠷ ᠠᠮᠢᠰᠬᠤᠯ ᠢ ᠪᠤᠢ ᠪᠤᠯᠭᠠᠵᠦ᠂ ᠵᠡᠮᠳᠡᠭ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ ᠠᠵᠢᠯ ᠤᠨ ᠰᠢᠨ᠎ᠠ ᠲᠦᠷᠰᠦ ᠪᠠᠶᠢᠳᠠᠯ ᠢ ᠪᠤᠢ ᠪᠤᠯᠭᠠᠬᠤ ᠪᠠᠷ ᠵᠤᠷᠢᠯᠭ᠎ᠠ ᠪᠠᠨ ᠪᠤᠯᠭᠠᠵᠠᠢ᠃ ᠤᠷᠤᠯᠳᠤᠭᠠᠨ ᠳᠤ ᠬᠦᠬᠡᠬᠤᠲᠠ ᠶᠢᠨ ᠲᠦᠮᠡᠳ ᠵᠡᠬᠦᠨ ᠬᠤᠰᠢᠭᠤ᠂ ᠬᠤᠷᠢᠨᠭᠡᠷ ᠰᠢᠶᠠᠨ᠂ ᠦᠴᠤᠸᠠᠨ ᠰᠢᠶᠠᠨ ᠵᠡᠷᠭᠡ 9 ᠬᠤᠰᠢᠭᠤ ᠰᠢᠶᠠᠨ ᠪᠤᠯᠤᠨ ᠬᠦᠬᠡᠬᠤᠲᠠ ᠶᠢᠨ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ 10 ᠲᠦᠯᠦᠭᠡᠯᠡᠭᠴᠢᠳ ᠤᠨ ᠪᠦᠯᠬᠦᠮ᠂ 300 ᠭᠠᠷᠤᠢ ᠲᠠᠮᠢᠷᠴᠢᠨ ᠤᠷᠤᠯᠴᠠᠵᠠᠢ᠃ ᠲᠦᠷᠪᠡᠨ ᠵᠢᠯ ᠳᠤ ᠨᠢᠭᠡ ᠤᠳᠠᠭ᠎ᠠ ᠶᠠᠪᠤᠭᠳᠠᠭᠤᠯᠬᠤ ᠲᠤᠰ ᠲᠦᠷᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ 《ᠦᠪᠡᠷ ᠢ ᠪᠠᠨ ᠬᠦᠴᠦᠷᠭᠡᠭᠵᠢᠬᠦᠯᠬᠦ ᠪᠠᠷ ᠬᠤᠷᠠᠨ ᠴᠤᠬᠯᠠᠷᠠᠵᠦ᠂ ᠵᠡᠮᠳᠡᠭᠴᠤᠳ ᠲᠤ ᠲᠤᠰᠠᠯᠠᠨ ᠬᠠᠮᠲᠤ ᠪᠠᠷ ᠡᠳ᠋ᠯᠡᠬᠦ》 ᠪᠠᠷ ᠭᠤᠤᠯ ᠰᠡᠳᠦᠪ ᠪᠤᠯᠭᠠᠨ᠂ ᠨᠡᠶᠢᠲᠡ 9 ᠶᠡᠭᠡ ᠲᠦᠷᠦᠯ ᠤᠨ 113 ᠪᠠᠭ᠎ᠠ ᠲᠦᠷᠦᠯ ᠢ ᠪᠠᠭᠲᠠᠭᠠᠵᠦ᠂ ᠡᠬᠦᠨ ᠳᠤ ᠰᠤᠷ ᠬᠠᠷᠪᠤᠬᠤ᠂ ᠫᠢᠩᠫᠤᠩ ᠪᠦᠮᠪᠦᠭᠡ᠂ ᠦᠳᠦᠨ ᠪᠦᠮᠪᠦᠭᠡ᠂ ᠬᠠᠷᠠᠭ᠎ᠠ ᠠᠯᠳᠠᠬᠰᠠᠳ ᠤᠨ ᠵᠢᠥᠳᠤᠤ ᠪᠦᠭᠡ᠂ ᠵᠡᠮᠳᠡᠭᠴᠤᠳ ᠤᠨ ᠦᠩᠬᠦᠷᠢᠬᠦᠯ ᠪᠦᠮᠪᠦᠭᠡ ᠶᠢᠨ ᠤᠷᠤᠯᠳᠤᠭᠠᠨ ᠵᠡᠷᠭᠡ ᠪᠡᠶ᠎ᠡ ᠶᠢᠨ ᠲᠠᠮᠢᠷ ᠤᠨ ᠲᠦᠷᠦᠯ ᠵᠦᠢᠯ ᠢ ᠪᠠᠭᠲᠠᠭᠠᠭᠰᠠᠨ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ