5c17b063-f98b-4e01-ae82-56b82b65ab3b.jpg

7 ᠰᠠᠷ᠎ᠠ ᠶᠢᠨ 20 ᠤ ᠡᠳᠦᠷ᠂ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠭᠦᠯᠡᠩ ᠤᠨ ᠰᠢᠷᠢᠰ ᠠᠵᠢᠯᠯᠠᠭᠠᠨ ᠤ ᠪᠠᠰᠠ ᠨᠢᠭᠡᠨ ᠴᠢᠬᠤᠯᠠ ᠠᠭᠤᠯᠭ᠎ᠠ ᠪᠤᠯᠬᠤ ᠪᠠᠷᠠᠭᠤᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠴᠠᠭᠠᠨ ᠠᠳᠤᠭᠤᠨ ᠤ ᠰᠤᠶᠤᠯ ᠤᠨ ᠨᠠᠶᠢᠷ ᠵᠢᠴᠢ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠠᠶᠢᠭᠡᠮᠯᠢᠭ ᠤᠨ ᠭᠡᠷᠡᠯ ᠵᠢᠷᠤᠭᠴᠢᠳ ᠤᠨ ᠬᠤᠪᠢᠶᠠᠷᠢ ᠨᠡᠶᠢᠭᠡᠮᠯᠢᠭ ᠤᠨ ᠪᠠᠷᠠᠭᠤᠨ ᠦᠵᠦᠮᠦᠴᠢᠨ ᠬᠤᠰᠢᠭᠤᠨ ᠳᠠᠬᠢ ᠰᠡᠭᠦᠳᠡᠷᠯᠡᠬᠦ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠰᠤᠶᠤᠯ ᠤᠨ ᠬᠦᠷᠢᠶᠡᠯᠡᠩ ᠤᠨ ᠨᠠᠭᠠᠳᠤᠮ ᠤᠨ ᠲᠠᠯᠠᠪᠠᠢ ᠳᠤ ᠦᠪᠡᠳᠡᠭᠰᠢ ᠶᠡᠬᠡᠪᠡᠷ ᠡᠬᠢᠯᠡᠯ᠎ᠠ᠃   ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠪᠤᠱᠤᠭᠠᠨ ᠲᠡᠭᠡᠷ᠎ᠡ ᠲᠤᠬᠢᠶᠠᠵᠤ ᠪᠤᠢ ᠡᠨᠡ ᠬᠦ ᠰᠤᠶᠤᠯ ᠤᠷᠠᠯᠢᠭ ᠤᠨ ᠦᠪᠡᠳᠡᠭᠰᠢ ᠠᠵᠢᠯᠯᠠᠭ᠎ᠠ ᠨᠢ ᠬᠤᠯᠠ ᠤᠢᠢᠷ᠎ᠠ ᠶᠢᠨ ᠭᠡᠶᠢᠴᠢᠨ ᠵᠢᠭᠤᠯᠴᠢᠨ᠂ ᠬᠤᠳᠠᠯᠠ ᠤᠯᠠᠨ ᠠᠷᠠᠳ ᠮᠠᠯᠴᠢᠳ ᠤᠨ ᠨᠢᠵᠢᠭᠢᠷ ᠴᠤᠭᠯᠠᠭᠠᠨ ᠪᠤᠯᠵᠤ᠂ ᠨᠠᠭᠠᠳᠤᠮ ᠤᠨ ᠲᠠᠯᠠᠪᠠᠢ ᠳᠤ ᠤᠶᠠᠩᠭᠠᠲᠤ ᠲᠠᠭᠤᠤ ᠴᠤᠤᠷᠢᠶᠠᠳᠤᠨ ᠤᠶᠠᠬᠠᠨ ᠬᠦᠭᠵᠢᠮ ᠡᠭᠡᠰᠢᠭᠯᠡᠵᠦ᠂ ᠬᠤᠷᠠᠭᠰᠠᠨ ᠤᠯᠠᠨ ᠤ ᠴᠢᠷᠠᠢ ᠳᠤ ᠪᠠᠶᠠᠷ ᠤᠨ ᠮᠦᠰᠢᠶᠡᠳᠦ ᠲᠤᠳᠤᠷᠠᠨ᠎ᠠ᠃ 9 ᠴᠠᠭ ᠤᠨ ᠦᠶ᠎ᠡ ᠪᠠᠷ 300 ᠭᠠᠷᠤᠢ ᠴᠠᠭᠠᠨ ᠮᠤᠷᠢᠳᠠᠨ ᠢᠶᠠᠷ ᠪᠦᠷᠢᠯᠳᠦᠭᠰᠡᠨ ᠡᠬᠢᠯᠡᠯᠳᠡ ᠶᠢᠨ ᠶᠤᠰᠤᠯᠠᠯ ᠤᠨ ᠵᠢᠭᠰᠠᠭᠠᠯ ᠤᠨ ᠡᠩᠨᠡᠭᠡ ᠨᠠᠶᠢᠷ ᠤᠨ ᠲᠠᠯᠠᠪᠠᠢ ᠶᠢᠨ ᠵᠡᠭᠦᠨ ᠡᠮᠦᠨ᠎ᠡ ᠲᠠᠯ᠎ᠠ ᠠᠴᠠ ᠬᠤᠰᠢᠭᠤᠷᠠᠨ ᠤᠷᠤᠵᠤ ᠢᠷᠡᠯ᠎ᠡ᠃ ᠤᠷᠭᠤᠬᠤ ᠨᠠᠷᠠᠨ ᠤ ᠵᠦᠭ ᠠᠴᠠ ᠲᠦᠷᠪᠡᠨ ᠴᠠᠭᠠᠨ ᠮᠤᠷᠢᠳᠠᠨ ᠵᠠᠯᠠᠭᠤᠰ ᠲᠠᠪᠤᠨ ᠤᠳᠤᠳᠤ ᠤᠯᠤᠰ ᠤᠨ ᠲᠤᠭ ᠢᠶᠠᠨ ᠨᠠᠮᠢᠷᠠᠭᠤᠯᠤᠭᠰᠠᠭᠠᠷ ᠢᠷᠡᠬᠦ ᠨᠢ ᠨᠠᠮᠪᠠᠳᠠᠢ ᠪᠦᠭᠡᠳ ᠵᠢᠪᠬᠤᠭᠠᠯᠢᠭ ᠠᠵᠢ᠂ ᠲᠡᠭᠦᠨ ᠤ ᠠᠷᠤ ᠠᠴᠠ ᠲᠤᠰ ᠬᠤᠭᠤᠴᠠᠭᠠᠨ ᠤ ᠠᠵᠢᠯᠯᠠᠭᠠᠨ ᠤ ᠲᠤᠭ᠂ ᠶᠢᠰᠦᠨ ᠴᠠᠭᠠᠨ ᠰᠦᠯᠳᠡ ᠶᠢᠨ ᠮᠤᠷᠢᠳᠤ ᠡᠩᠨᠡᠭᠡ᠂ ᠲᠠᠷᠬᠠᠨ ᠴᠤᠯᠠ ᠪᠠᠨ ᠲᠠᠭᠤᠷᠢᠰᠤᠭᠤᠯᠤᠭᠰᠠᠨ ᠦᠵᠦᠮᠦᠴᠢᠨ ᠤ ᠴᠠᠭᠠᠨ ᠮᠤᠷᠢᠲᠤ ᠡᠷᠦᠬᠡ ᠶᠢᠨ ᠴᠡᠷᠢᠭ ᠤᠨ ᠰᠤᠮᠤᠨ ᠤ ᠮᠤᠷᠢᠲᠤ ᠡᠩᠨᠡᠭᠡ᠂ ᠠᠷᠢᠭᠤᠨ ᠬᠦᠳᠡᠯᠮᠦᠷᠢ ᠪᠠᠷ ᠢᠶᠠᠨ ᠬᠦᠭᠵᠢᠯᠳᠤ ᠠᠮᠢᠳᠤᠷᠠᠯ ᠢᠶᠠᠨ ᠴᠤᠭᠴᠠᠯᠠᠭᠰᠠᠨ ᠠᠪᠢᠶᠠᠰᠯᠢᠭ ᠤᠷᠭᠠᠴᠢᠳ ᠤᠨ ᠮᠤᠷᠢᠲᠤ ᠡᠩᠨᠡᠭᠡ ᠵᠡᠷᠭᠡ ᠴᠤᠯᠤ ᠴᠠᠭᠠᠨ ᠵᠢᠰᠤᠮ ᠤᠨ ᠮᠤᠷᠢ ᠤᠨᠤᠭᠰᠠᠨ ᠵᠢᠭᠰᠠᠭᠠᠯ ᠤᠨ ᠡᠩᠨᠡᠭᠡ ᠠᠷᠤ ᠠᠷᠤ ᠠᠴᠠ ᠰᠤᠪᠤᠷᠠᠨ ᠤᠷᠤᠵᠤ ᠢᠷᠡᠬᠦ ᠳᠤ ᠬᠤᠷᠠᠭᠰᠠᠨ ᠤᠯᠠᠨ ᠤ ᠤᠤᠬᠠᠢ ᠴᠤᠤᠷᠢᠶᠠᠳᠤᠨ᠂ ᠠᠯᠠᠭ᠎ᠠ ᠲᠠᠰᠢᠯᠳᠠ ᠶᠢᠨ ᠲᠠᠭᠤᠨ ᠦᠶ᠎ᠡ ᠦᠶ᠎ᠡ ᠨᠢᠵᠢᠭᠢᠨᠡᠨ᠎ᠠ᠃

ᠦᠵᠦᠮᠤᠴᠢᠨᠴᠤᠳ ᠡᠷᠳᠡ ᠲᠡᠭᠡᠷ᠎ᠡ ᠦᠶ᠎ᠡ ᠠᠴᠠ ᠪᠠᠨ ᠴᠠᠭᠠᠨ ᠵᠢᠰᠦᠮ ᠤᠨ ᠠᠳᠤᠭᠤ ᠶᠢ ᠦᠰᠭᠡᠨ ᠮᠠᠯᠵᠢᠬᠰᠠᠭᠠᠷ ᠢᠷᠡᠭᠰᠡᠨ ᠪᠦᠭᠡᠳ ᠠᠳᠤᠭᠤᠨ ᠤ ᠰᠤᠶᠤᠯ ᠤᠯᠠᠮᠵᠢᠯᠠᠯ᠂ ᠶᠤᠰᠤ ᠵᠠᠩᠰᠢᠯ ᠤᠨ ᠲᠤᠬᠠᠢ ᠡᠯᠪᠡᠭ ᠵᠤᠵᠠᠭᠠᠨ ᠤᠯᠠᠨ ᠲᠦᠮᠡᠨᠴᠢ ᠰᠠᠭᠤᠷᠢ ᠲᠠᠢ ᠪᠤᠯᠵᠠᠢ᠃ ᠨᠡᠩ ᠴᠤ ᠤᠳᠤ ᠦᠶ᠎ᠡ ᠳᠤ ᠬᠦᠷᠴᠤ ᠢᠷᠡᠭᠡᠳ ᠴᠠᠭᠠᠨ ᠠᠳᠤᠭᠤᠨ ᠤ ᠡᠭᠦᠯᠳᠡᠷ ᠤᠭᠰᠢᠯ ᠢ ᠤᠯᠠᠮ ᠰᠠᠶᠢᠵᠢᠷᠠᠭᠤᠯᠤᠨ ᠲᠤᠭ᠎ᠠ ᠲᠤᠯᠤᠭᠠᠢ ᠶᠢ ᠨᠢ ᠨᠡᠮᠡᠭᠳᠡᠭᠦᠯᠵᠦ᠂ ᠦᠪ ᠰᠤᠶᠤᠯ ᠨᠦᠯᠦᠭᠡ ᠲᠤᠰᠬᠠᠯ᠂ ᠠᠵᠤ ᠠᠬᠤᠢ ᠶᠢᠨ ᠬᠤᠤᠰ ᠦᠷ᠎ᠡ ᠠᠰᠢᠬ ᠢ ᠲᠡᠮᠡᠴᠡᠨ ᠤᠯᠬᠤ ᠠᠯᠤᠰ ᠬᠦᠭᠵᠢᠯ ᠤᠨ ᠲᠦᠰᠦᠪᠯᠡᠯ ᠢ ᠵᠢᠷᠤᠭᠯᠠᠵᠠᠢ᠃ ᠡᠶᠢᠨ ᠬᠦ ᠲᠤᠰ ᠬᠤᠭᠤᠴᠠᠭᠠᠨ ᠤ ᠠᠳᠤᠭᠤᠨ ᠰᠤᠶᠤᠯ ᠤᠨ ᠨᠠᠶᠢᠷ ᠢᠶᠠᠨ ᠴᠠᠭᠠᠨ ᠠᠳᠤᠭᠤᠨ ᠤ ᠦᠵᠡᠭᠦᠯᠭᠡ ᠶᠢᠨ ᠲᠤᠭᠯᠠᠯᠳᠠ᠂ 1024 ᠪᠦᠬᠡ ᠶᠢᠨ ᠪᠠᠷᠢᠯᠳᠤᠭᠠᠨ᠂ ᠤᠯᠠᠨ ᠤᠯᠤᠰ ᠤᠨ ᠴᠢᠨᠠᠷᠲᠠᠢ ᠰᠤᠷ ᠬᠠᠷᠪᠤᠯᠳᠠ᠂ ᠴᠠᠭᠠᠨ ᠠᠳᠤᠭᠤᠨ ᠤ ᠤᠯᠠᠨ ᠲᠦᠷᠦᠯ ᠤᠨ ᠤᠷᠤᠯᠳᠤᠭᠠᠨ᠂ ᠮᠤᠩᠭᠤᠯ ᠮᠤᠷᠢᠨ ᠤ ᠠᠯᠤᠰ ᠤᠨ ᠤᠷᠤᠯᠳᠤᠭᠠᠨ᠂ ᠪᠤᠳᠠᠰ ᠤᠨ ᠪᠤᠰᠤ ᠰᠤᠶᠤᠯ ᠤᠨ ᠦᠪ ᠤᠨ ᠦᠷ᠎ᠡ ᠪᠦᠲᠦᠭᠡᠯ ᠤᠨ ᠦᠵᠡᠭᠦᠯᠭᠡ᠂ ᠠᠳᠤᠭᠤᠨ ᠤ ᠰᠡᠳᠦᠪᠳᠤ ᠭᠡᠷᠡᠯ ᠵᠢᠷᠤᠭ ᠤᠨ ᠪᠦᠲᠦᠭᠡᠯ ᠤᠨ ᠦᠵᠡᠭᠦᠯᠭᠡ ᠵᠢᠴᠢ ᠤᠯᠠᠨ ᠲᠦᠷᠦᠯ ᠤᠨ ᠵᠢᠷᠤᠬᠯᠠᠬᠤ ᠠᠵᠢᠯᠯᠠᠭ᠎ᠠ᠂ ᠤᠷᠠᠨ ᠰᠠᠶᠢᠬᠠᠨ ᠤ ᠲᠤᠭᠯᠠᠯᠳᠠ ᠵᠡᠷᠭᠡ 15 ᠲᠦᠷᠦᠯ ᠤᠨ ᠲᠤᠰᠬᠠᠢ ᠠᠭᠤᠯᠭ᠎ᠠ ᠪᠠᠷ ᠲᠤᠬᠢᠷᠠᠭᠤᠯᠵᠤ᠂ ᠲᠤᠰ ᠭᠠᠵᠠᠷ ᠤᠨ ᠢᠶᠠᠨ ᠮᠠᠯᠴᠢᠨ ᠲᠦᠮᠡᠨ ᠤ ᠤᠷᠤᠯᠴᠠᠯᠭ᠎ᠠ ᠢᠳᠡᠪᠬᠢᠵᠢᠯ ᠢ ᠲᠠᠶᠢᠴᠢᠯᠠᠵᠤ ᠴᠢᠳᠠᠭᠰᠠᠨ ᠢᠶᠠᠷ ᠪᠠᠷᠠᠬᠤ ᠦᠭᠡᠢ ᠤᠯᠤᠰ ᠤᠨ ᠲᠤᠳᠤᠭᠠᠲᠤ ᠭᠠᠳᠠᠭᠠᠳᠤ ᠶᠢᠨ ᠭᠡᠶᠢᠴᠢᠨ ᠵᠢᠭᠤᠯᠴᠢᠳ ᠤᠨ ᠠᠩᠬᠠᠷᠤᠯ ᠳᠤ ᠬᠦᠷᠴᠠᠢ᠃

ᠲᠤᠰ ᠬᠤᠭᠤᠴᠠᠭᠠᠨ ᠤ ᠴᠠᠭᠠᠨ ᠠᠳᠤᠭᠤᠨ ᠤ ᠰᠤᠶᠤᠯ ᠤᠨ ᠨᠠᠶᠢᠷ 7 ᠰᠠᠷ᠎ᠠ ᠶᠢᠨ 22 ᠤᠨ ᠡᠳᠦᠷ ᠪᠤᠯᠳᠠᠯ᠎ᠠ ᠶᠠᠪᠤᠭᠳᠠᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ