ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ᠂ ᠲᠤᠮᠳᠠᠳᠤ ᠮᠤᠩᠭᠤᠯ ᠤᠨ ᠠᠷᠠᠳ ᠤᠨ ᠨᠥᠬᠦᠷᠰᠡᠭ ᠨᠠᠭᠠᠳᠤᠮ ᠁ ᠥᠢᠷ᠎ᠠ ᠳᠤ ᠮᠠᠨ ᠤ ᠤᠷᠤᠨ ᠤ ᠠᠶᠢᠮᠠᠬ ᠬᠤᠳᠠ ᠪᠠ ᠥᠨᠳᠤᠰᠤᠨ ᠱᠠᠳᠤ ᠪᠠᠷ ᠡᠯᠪᠡᠭ ᠪᠡᠶᠡᠯᠢᠬ ᠠᠭᠤᠯᠭ᠎ᠠ ᠪᠥᠬᠦᠢ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ ᠤᠯᠠᠨ ᠶᠠᠪᠤᠬᠳᠠᠵᠥ᠂ ᠤᠷᠤᠨ ᠨᠤᠳᠤᠬ ᠤᠨ ᠮᠠᠯᠴᠢᠨ ᠲᠡᠷᠢᠶᠠᠴᠢᠳ ᠢᠶᠠᠨ ᠨᠠᠶᠢᠷ ᠢᠶᠠᠷ ᠪᠡᠶᠠᠰᠬᠠᠨ ᠤᠯᠠᠮᠵᠢᠯᠠᠯᠳᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠭᠠᠶᠢᠬᠠᠭᠤᠯᠵᠤ ᠪᠤᠢ᠃

ᠮᠠᠨ ᠤ ᠤᠷᠤᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠳᠤ ᠰᠢᠨ᠎ᠠ ᠠᠵᠠ ᠲᠤᠬᠢᠶᠠᠯ᠂ ᠰᠢᠨ᠎ᠠ ᠡᠬᠢᠯᠠᠯᠳᠠ ᠠᠪᠴᠢᠷᠠᠨ ᠥᠭᠬᠦᠭᠰᠡᠨ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠪᠠ ᠥᠪᠡᠷᠳᠡᠭᠡᠨ ᠵᠠᠰᠠᠬᠤ ᠤᠷᠤᠨ ᠤ ᠥᠨᠳᠤᠰᠤᠳᠠᠨ ᠤ ᠭᠡᠷᠡᠭ ᠡᠷᠬᠢᠯᠡᠬᠦ ᠵᠥᠪᠯᠡᠯ ᠤᠨ ᠬᠠᠮᠳᠤᠷᠠᠨ ᠨᠡᠶᠢᠳᠠᠯᠡᠭᠰᠡᠨ 《ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠭᠡᠷᠡᠭᠵᠢᠬᠦᠯᠬᠦ ᠰᠠᠨᠠᠯ》 ᠢ ᠠᠵᠢᠬᠯᠠᠪᠠᠯ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠪᠥᠬᠦ ᠤᠷᠤᠨ ᠳᠤ ᠲᠥᠭᠡᠮᠡᠯᠵᠢᠬᠦᠯᠬᠦ ᠬᠡᠮᠵᠢᠶ᠎ᠠ ᠶᠢ ᠤᠯᠠᠮ ᠨᠢᠬᠡ ᠠᠯᠬᠤᠮ ᠲᠡᠰ ᠲᠡᠪᠰᠢᠬᠦᠯᠵᠥ᠂ ᠨᠢᠬᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠭᠤᠤᠯ ᠡᠩᠨᠡᠭᠡ ᠶᠢ ᠬᠥᠮᠥᠵᠢᠬᠦᠯᠵᠥ᠂ ᠨᠢᠭᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠵᠢᠱᠢᠶ᠎ᠠ ᠥᠵᠡᠬᠦᠯᠬᠦ ᠰᠠᠭᠤᠷᠢᠨ ᠢ ᠪᠠᠶᠢᠭᠤᠯᠬᠤ ᠭᠡᠷᠡᠭᠳᠠᠢ︔ ᠨᠢᠭᠡ ᠪᠥᠯᠥᠭ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠥᠷᠥᠯ ᠲᠡᠮᠳᠡᠭᠳᠤ ᠤᠷᠤᠯᠳᠤᠭᠠᠨ ᠤ ᠠᠵᠢᠯᠯᠠᠭ᠎ᠠ ᠶᠢ ᠪᠤᠢ ᠪᠤᠯᠭᠠᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠰᠤᠶᠤᠯ ᠤᠨ ᠠᠭᠤᠷ ᠠᠮᠢᠰᠬᠤᠯ ᠢ ᠡᠳᠤᠷ ᠢᠷᠡᠬᠦᠶ᠎ᠠ ᠥᠳᠭᠡᠷᠡᠬᠦᠯᠬᠦ ᠭᠡᠷᠡᠭᠳᠡᠢ ᠬᠡᠬᠦ ᠵᠡᠷᠭᠡ ᠨᠡᠷᠢᠨ ᠪᠠᠶᠢᠷᠢᠯᠠᠭᠤᠯᠤᠯᠳᠠ ᠬᠢᠭᠰᠡᠨ ᠨᠢ ᠮᠠᠨ ᠤ ᠤᠷᠤᠨ ᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠲᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠢᠯᠯᠠᠭ᠎ᠠ ᠥᠷᠨᠢᠬᠦᠯᠬᠦ ᠳᠤ ᠢᠳᠡᠭᠡᠯ ᠵᠤᠷᠢᠬᠵᠢᠭᠤᠯᠤᠯ ᠤᠯᠭᠤᠬᠰᠠᠨ ᠨᠢ ᠭᠠᠷᠴᠠᠭ᠎ᠠ ᠥᠬᠡᠢ᠃

ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠥᠷᠢᠰᠥᠯᠳᠥᠭᠡᠨᠳᠤ ᠤᠷᠤᠯᠳᠤᠭᠠᠨ ᠤ ᠲᠥᠪᠰᠢᠨ ᠢ ᠴᠢᠨᠠᠬᠰᠢᠳᠠ ᠲᠡᠰ ᠲᠡᠪᠰᠢᠬᠦᠯᠵᠥ᠂ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠠᠵᠤ ᠥᠢᠯᠡᠰ ᠢ ᠲᠤᠬᠳᠠᠭᠤᠨ ᠢᠶᠠᠷ ᠬᠥᠭᠵᠢᠬᠦᠯᠵᠥ᠂ ᠥᠨᠳᠤᠰᠤᠳᠠᠨ ᠤ ᠪᠥᠯᠬᠦᠮᠳᠠᠯ ᠢ ᠠᠬᠢᠭᠤᠯᠬᠤ ᠶᠠᠪᠤᠳᠠᠯ ᠨᠢ ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢ ᠪᠥᠳᠥᠭᠡᠨ ᠪᠠᠶᠢᠭᠤᠯᠬᠤ ᠳᠤ ᠴᠥᠬᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠢ ᠥᠪᠥᠷ ᠮᠤᠩᠭᠤᠯ ᠤᠨ ᠴᠢᠬᠤᠯᠠ ᠰᠤᠶᠤᠯ ᠤᠨ ᠲᠥᠷᠥᠯ ᠲᠡᠮᠳᠡᠭ ᠪᠤᠯᠭᠠᠬᠤ ᠪᠠᠷ ᠬᠠᠮᠳᠤ ᠪᠠᠷ ᠴᠢᠷᠮᠠᠶᠢᠬᠤ ᠲᠠᠢ ᠰᠠᠯᠵᠥ ᠪᠤᠯᠤᠰᠢ ᠥᠬᠡᠢ ᠨᠢᠬᠳᠠ ᠬᠠᠷᠢᠴᠠᠭ᠎ᠠ ᠲᠠᠢ ᠪᠠᠶᠢᠬᠤ ᠨᠢ ᠯᠠᠪᠳᠠᠢ︕ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠠᠴᠠ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠶᠢᠨ ᠲᠤᠬᠠᠢ ᠬᠢᠭᠰᠡᠨ ᠨᠠᠷᠢᠯᠢᠬ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠡᠷᠴᠢᠮ ᠲᠠᠢ ᠲᠤᠭᠤᠰᠢᠯᠠᠭᠤᠯᠬᠤ ᠨᠢ ᠮᠠᠨ ᠤ ᠤᠷᠤᠨ ᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠬᠥᠭᠵᠢᠯᠳᠠ ᠳᠤ ᠨᠠᠩ ᠰᠠᠷᠠᠭᠤᠯ ᠲᠠᠷᠳᠠᠩ ᠢᠷᠡᠭᠡᠳᠤᠢ ᠶᠢ ᠴᠤᠬᠴᠠᠯᠠᠨ᠂ ᠲᠥᠷᠭᠡᠨ ᠬᠥᠭᠵᠢᠯᠳᠠ ᠳᠤ ᠵᠢᠬᠦᠷ ᠤᠷᠭᠤᠭᠤᠯᠬᠤ ᠨᠢ ᠲᠠᠮᠵᠢᠬ ᠥᠬᠡᠢ᠃( ᠦᠷᠭᠡᠨ)

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ