ᠠᠩᠬᠠᠲᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠲᠤᠭᠤᠨ ᠰᠤᠶᠤᠯ ᠤᠨ ᠦᠵᠡᠰᠬᠦᠯᠡᠩ ᠤᠨ ᠴᠢᠬᠤᠯᠠ ᠠᠭᠤᠯᠭ᠎ᠠ ᠪᠤᠯᠬᠤ 《ᠲᠤᠮᠲᠠᠲᠦ ᠤᠯᠤᠰ · ᠦᠪᠦᠷ ᠮᠤᠩᠭᠤᠯ ᠤᠨ ᠮᠤᠷᠢᠨ ᠤᠷᠤᠯᠲᠤᠭᠠᠨ ᠵᠢᠴᠢ ᠵᠢᠷᠭᠤᠲᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ》 ᠨᠢ ᠰᠠᠶᠢᠬᠠᠨ ᠶᠠᠪᠤᠭᠲᠠᠵᠦ᠂ ᠮᠤᠷᠢ ᠪᠠᠷ ᠵᠠᠭᠤᠴᠢ ᠪᠤᠯᠭᠠᠵᠦ᠂ ᠮᠤᠷᠢᠨ ᠮᠡᠷᠭᠡᠵᠢᠯ ᠤᠨ ᠲᠠᠲᠠᠬᠤ ᠬᠦᠴᠦᠨ ᠢ ᠭᠠᠶᠢᠬᠠᠭᠤᠯᠵᠦ᠂ ᠲᠠᠯ᠎ᠠ ᠨᠤᠲᠤᠭ ᠤᠨ ᠰᠤᠶᠤᠯ ᠢ ᠲᠡᠯᠡᠭᠡᠢ ᠳᠤ ᠤᠬᠠᠭᠤᠯᠤᠨ ᠲᠠᠨᠢᠭᠤᠯᠤᠬᠰᠠᠨ ᠪᠢᠯᠡ᠃

ᠮᠠᠨ ᠤ ᠤᠷᠤᠨ ᠪᠤᠯ ᠠᠲᠤᠭᠤ ᠠᠷᠠᠴᠢᠯᠠᠨ ᠲᠡᠵᠢᠭᠡᠭᠰᠡᠨ ᠦᠨᠢ ᠤᠲᠠᠭᠠᠨ ᠲᠡᠦᠭᠡ ᠲᠠᠢ᠂ ᠠᠲᠤᠭᠤᠨ ᠰᠤᠶᠤᠯ ᠤᠨ ᠬᠦᠨ ᠵᠤᠵᠠᠭᠠᠨ ᠰᠠᠭᠤᠷᠢ ᠲᠠᠢ ᠠᠲᠤᠭᠤᠨ ᠤ ᠠᠵᠦ ᠦᠢᠯᠡᠰ ᠤᠨ ᠲᠤᠮᠤ ᠤᠷᠤᠨ ᠪᠤᠯᠤᠨ᠎ᠠ᠃ ᠬᠡᠲᠦᠨ ᠠᠷᠪᠠᠨ ᠵᠢᠯ ᠤᠨ ᠲᠤᠷᠰᠢ᠂ ᠮᠠᠨ ᠤ ᠤᠷᠤᠨ ᠠᠲᠤᠭᠤᠨ ᠰᠤᠶᠤᠯ᠂ ᠤᠨᠴᠠᠭᠠᠢᠢᠯᠠᠨ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠢ ᠴᠢᠬᠤᠯᠠᠴᠢᠯᠠᠨ ᠬᠦᠭᠵᠢᠬᠦᠯᠵᠦ᠂ ᠪᠡᠯᠡ ᠤᠷᠤᠭᠤᠯᠤᠯᠲᠠ ᠪᠠᠨ ᠨᠡᠮᠡᠭᠳᠡᠬᠦᠯᠵᠦ᠂ ᠬᠠᠲᠠᠭᠤ ᠵᠦᠬᠡᠯᠡᠨ ᠲᠤᠨᠤᠭ ᠢ ᠰᠠᠶᠢᠵᠢᠷᠠᠭᠤᠯᠤᠨ᠂ ᠵᠤᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠴᠢᠲᠠᠪᠦᠷᠢᠲᠠᠨ ᠬᠦᠮᠦᠵᠢᠬᠦᠯᠬᠦ ᠶᠢ ᠴᠢᠬᠤᠯᠠᠴᠢᠯᠠᠬᠰᠠᠨ ᠠᠴᠠ ᠮᠠᠨ ᠤ ᠤᠷᠤᠨ ᠤ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠲᠤ ᠠᠰᠤᠷᠤ ᠬᠦᠭᠵᠢᠯᠳᠡ ᠶᠢᠨ ᠪᠠᠶᠢᠲᠠᠯ ᠢᠯᠡᠷᠡᠭᠰᠡᠨ ᠪᠠᠶᠢᠨ᠎ᠠ᠃

ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠲᠠᠢ ᠪᠤᠯᠤᠯ᠎ᠠ᠃ ᠲᠡᠭᠡᠷ᠎ᠡ ᠵᠠᠭᠤᠨ ᠤ ᠲᠠᠪᠢᠭᠠᠳ ᠤᠨ ᠳᠤ ᠤᠯᠤᠰ ᠲᠠᠶᠠᠭᠠᠷ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠢ ᠬᠦᠭᠵᠢᠬᠦᠯᠵᠦ ᠡᠬᠢᠯᠡᠬᠦ ᠪᠠᠷ᠂ ᠮᠠᠨ ᠤ ᠤᠷᠤᠨ 1956 ᠤᠨ ᠳᠤ ᠲᠤᠰᠬᠠᠢ ᠮᠡᠷᠭᠡᠵᠢᠯ ᠤᠨ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠰᠠᠯᠠᠭ᠎ᠠ ᠮᠦᠴᠢᠷ ᠢ ᠪᠠᠶᠢᠭᠤᠯᠵᠦ᠂ 《ᠦᠪᠦᠷ ᠮᠤᠩᠭᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠶ᠎ᠡ ᠶᠢᠨ ᠲᠠᠮᠢᠷ ᠤᠨ ᠰᠤᠲᠤᠯᠭᠠᠨ ᠤ ᠨᠡᠶᠢᠭᠡᠮᠯᠢᠭ》᠂ 《ᠦᠪᠦᠷ ᠮᠤᠩᠭᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠶ᠎ᠡ ᠶᠢᠨ ᠲᠠᠮᠢᠷ ᠤᠨ ᠺᠯᠦ᠋ᠪ》᠂ 《ᠦᠪᠦᠷ ᠮᠤᠩᠭᠤᠯ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠺᠯᠦ᠋ᠪ》᠂ 《ᠦᠪᠦᠷ ᠮᠤᠩᠭᠤᠯ ᠤᠨ ᠴᠡᠷᠢᠭ ᠤᠨ ᠶᠠᠪᠤᠲᠠᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ》᠂ 《ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠤᠨ ᠨᠢᠬᠡᠲᠦᠭᠡᠷ ᠠᠩᠬᠢ》 ᠪᠠ 《ᠦᠪᠦᠷ ᠮᠤᠩᠭᠤᠯ ᠤᠨ ᠫᠤᠤᠲᠠᠯᠭ᠎ᠠ ᠰᠤᠷ ᠬᠠᠷᠪᠤᠯᠲᠠ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠦᠪ》 ᠬᠡᠬᠦ ᠵᠡᠷᠭᠡ ᠦᠬᠡᠷᠡᠴᠢᠯᠡᠯᠳᠡ ᠶᠢ ᠦᠡᠭᠭᠡᠷᠡᠭᠡᠭᠡᠳ᠂ 2017 ᠤᠨ ᠳᠤ 《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠦᠪ》 ᠭᠡᠵᠦ ᠨᠡᠷ᠎ᠡ ᠶᠢ ᠨᠢ ᠬᠠᠯᠠᠵᠠᠢ᠃ ᠲᠤᠰ ᠲᠦᠪ ᠨᠢ ᠭᠤᠤᠯᠲᠠᠭᠤ ᠤᠯᠢᠮᠫᠢᠺ᠂ ᠠᠽᠢᠶ᠎ᠡ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠴᠦᠭᠡᠨ ᠲᠤᠭᠠᠲᠦ ᠦᠨᠲᠦᠰᠦᠳᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠷᠤᠯᠲᠤᠭᠠᠨ ᠪᠠ ᠪᠤᠯᠪᠠᠰᠤᠷᠠᠯ ᠤᠨ ᠡᠬᠦᠷᠭᠡ ᠶᠢ ᠬᠠᠷᠢᠭᠤᠴᠠᠵᠦ᠂ ᠪᠡᠶ᠎ᠡ ᠶᠢᠨ ᠲᠠᠮᠢᠷ ᠤᠨ ᠪᠡᠯᠡᠳᠭᠡᠯ ᠴᠢᠲᠠᠪᠦᠷᠢᠲᠠᠨ ᠢ ᠰᠢᠯᠢᠨ ᠬᠦᠮᠦᠵᠢᠬᠦᠯᠵᠦ᠂ ᠤᠯᠠᠨ ᠤᠯᠤᠰ ᠪᠠ ᠤᠯᠤᠰ ᠤᠨ ᠲᠤᠲᠤᠭᠠᠲᠦ ᠶᠢᠨ ᠡᠯ᠎ᠡ ᠲᠦᠷᠦᠯ ᠤᠨ ᠤᠷᠤᠯᠲᠤᠭᠠᠨ ᠢ ᠲᠠᠭᠠᠭᠠᠴᠢᠯᠠᠨ ᠡᠷᠬᠢᠯᠡᠵᠦ᠂ ᠤᠷᠤᠯᠲᠤᠭᠠᠨ ᠮᠦᠷᠦ᠋ᠢᠴᠡᠭᠡᠨ ᠤ ᠲᠦᠷᠦᠯ ᠵᠦᠢᠯ ᠤᠨ ᠬᠦᠭᠵᠢᠯᠳᠡ ᠶᠢᠨ ᠲᠦᠯᠦᠪᠵᠢᠬᠦᠯᠬᠡ ᠶᠢ ᠰᠤᠲᠤᠯᠤᠨ ᠲᠤᠭᠲᠠᠭᠠᠵᠦ ᠪᠠᠶᠢᠨ᠎ᠠ᠃

ᠮᠤᠷᠢᠨ ᠮᠡᠷᠭᠡᠵᠢᠯ ᠤᠨ ᠲᠠᠪᠠᠭᠤᠯᠢᠭ ᠲᠦᠷᠦᠯ ᠵᠦᠢᠯ ᠲᠠᠢ ᠪᠤᠯᠤᠯ᠎ᠠ᠃ ᠰᠠᠭᠠᠳ ᠲᠠᠪᠠᠭ᠋ᠤ ᠤᠷᠤᠯᠲᠤᠭᠠᠨ ᠪᠤᠯ ᠮᠠᠨ ᠤ ᠤᠷᠤᠨ ᠤ ᠮᠤᠷᠢᠨ ᠮᠡᠷᠭᠡᠵᠢᠯ ᠤᠨ ᠲᠦᠷᠦᠯ ᠵᠦᠢᠯ ᠤᠨ ᠲᠤᠲᠤᠷᠠᠬᠢ ᠲᠠᠪᠠᠭᠤᠯᠢᠬ ᠲᠦᠷᠦᠯ ᠵᠦᠢᠯ ᠪᠤᠯᠤᠨ᠎ᠠ᠃ ᠮᠠᠨ ᠤ ᠤᠷᠤᠨ ᠤᠷᠢᠳ ᠬᠤᠵᠢᠳ ᠯᠢᠦ ᠲᠦᠩ ᠶᠠᠨ᠂ ᠳ᠋ᠠᠷᠮ᠎ᠠ᠂ ᠵᠠᠩ ᠷᠦᠢ ᠪᠠᠷ ᠲᠦᠯᠦᠬᠡᠯᠡᠬᠦᠯᠦᠭᠰᠡᠨ ᠰᠠᠭᠠᠳ ᠲᠠᠪᠠᠭ᠋ᠤ ᠤᠷᠤᠯᠲᠤᠭᠠᠨ ᠤ ᠲᠦᠷᠦᠯ ᠵᠦᠢᠯ ᠤᠨ ᠴᠢᠲᠠᠪᠦᠷᠢᠲᠠᠨ ᠢ ᠬᠦᠮᠦᠵᠢᠬᠦᠯᠦᠨ ᠭᠠᠷᠭᠠᠵᠦ᠂ 2001 ᠤᠨ ᠠᠴᠠ 2018 ᠤᠨ ᠪᠤᠯᠲᠠᠯᠠᠬᠢ 18 ᠵᠢᠯ ᠲᠤᠲᠤᠷ᠎ᠠ᠂ ᠤᠷᠢᠳ ᠬᠤᠵᠢᠳ ᠤᠯᠤᠰ ᠤᠨ ᠠᠩᠬᠢ ᠳᠤ 5 ᠰᠢᠯᠢᠳᠡᠭ ᠲᠠᠮᠢᠷᠴᠢᠨ ᠢ ᠬᠦᠷᠭᠡᠵᠦ᠂ ᠪᠦᠬᠦ ᠤᠯᠤᠰ ᠤᠨ ᠮᠤᠷᠢᠨ ᠮᠡᠷᠭᠡᠵᠢᠯ ᠤᠨ ᠰᠠᠭᠠᠳ ᠲᠠᠪᠠᠭ᠋ᠤ ᠮᠠᠩᠯᠠᠢ ᠰᠢᠯᠭᠠᠷᠠᠭᠤᠯᠬᠤ ᠤᠷᠤᠯᠲᠤᠭᠠᠨ᠂ ᠪᠦᠬᠦ ᠤᠯᠤᠰ ᠤᠨ ᠮᠤᠷᠢᠨ ᠮᠡᠷᠭᠡᠵᠢᠯ ᠤᠨ ᠮᠠᠩᠯᠠᠢ ᠰᠢᠯᠭᠠᠷᠠᠭᠤᠯᠬᠤ ᠤᠷᠤᠯᠲᠤᠭᠠᠨ ᠪᠠ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠮᠤᠷᠢᠨ ᠮᠡᠷᠭᠡᠵᠢᠯ ᠤᠨ ᠰᠠᠭᠠᠳ ᠲᠠᠪᠠᠭ᠋ᠤ ᠤᠷᠤᠯᠲᠤᠭᠠᠨ ᠳᠤ ᠪᠦᠷ ᠰᠠᠶᠢᠨ ᠬᠢᠷᠢ ᠪᠦᠲᠦᠮᠵᠢ ᠤᠯᠤᠬᠰᠠᠨ ᠪᠠᠶᠢᠨ᠎ᠠ᠃ 2018 ᠤᠨ ᠳᠤ ᠮᠠᠨ ᠤ ᠤᠷᠤᠨ ᠤ ᠮᠤᠷᠢᠨ ᠮᠡᠷᠭᠡᠵᠢᠯ ᠤᠨ ᠲᠦᠷᠦᠯ ᠵᠦᠢᠯ ᠨᠢ ᠪᠦᠬᠦ ᠵᠢᠯ ᠤᠨ ᠡᠯ᠎ᠡ ᠲᠦᠷᠦᠯ ᠤᠨ ᠤᠷᠤᠯᠲᠤᠭᠠᠨ ᠳᠤ 31 ᠠᠯᠲᠠᠨ ᠮᠧᠲᠠᠯ᠂ 24 ᠮᠦᠡᠭᠬᠦᠨ ᠮᠧᠳᠠᠯ᠂ 16 ᠬᠦᠷᠡᠯ ᠮᠧᠳᠠᠯ ᠬᠦ᠋ᠷᠳᠡᠵᠡᠢ᠂ ᠡᠬᠦᠨ ᠳᠤ ᠰᠠᠭᠠᠳ ᠲᠠᠪᠠᠭ᠋ᠤ ᠤᠷᠤᠯᠲᠤᠭᠠᠨ ᠤ ᠲᠦᠷᠦᠯ ᠵᠦᠢᠯ ᠨᠢ 12 ᠠᠯᠲᠠᠨ ᠮᠧᠳᠠᠯ᠂ 13 ᠮᠦᠡᠭᠬᠦᠨ ᠮᠧᠲᠠᠯ᠂ 1 ᠬᠦᠷᠡᠯ ᠮᠧᠳᠠᠯ ᠤᠨ ᠰᠠᠶᠢᠨ ᠬᠢᠷᠢ ᠪᠦᠲᠦᠮᠵᠢ ᠤᠯᠪᠠ᠃

ᠠᠲᠤᠭᠤᠨ ᠰᠤᠶᠤᠯ ᠲᠠᠢ ᠤᠶᠠᠯᠲᠤᠨ ᠬᠦᠭᠵᠢᠯ᠎ᠠ᠃ ᠤᠤᠯ ᠳᠠᠭᠠᠨ ᠵᠢᠭᠤᠯᠴᠢᠯᠠᠯ ᠤᠨ ᠬᠦᠭᠵᠢᠶᠡᠨ ᠲᠠᠢ ᠤᠯᠠᠷᠢᠯ ᠪᠤᠯᠤᠬᠰᠠᠭᠠᠷ ᠦᠪᠦᠷ ᠮᠤᠩᠭᠤᠯ ᠳᠤ ᠢᠷᠡᠭᠰᠡᠨ ᠵᠢᠭᠤᠯᠴᠢᠯᠠᠭᠰᠠᠳ ᠪᠦᠷ ᠲᠠᠯ᠎ᠠ ᠨᠤᠲᠤᠭ ᠢᠶᠠᠷ ᠲᠤᠭᠤᠷᠢᠨ ᠵᠤᠭᠠᠴᠠᠵᠦ ᠦᠵᠡᠮᠵᠢ ᠰᠤᠨᠢᠷᠬᠠᠲᠠᠭ᠂ ᠭᠡᠪᠡᠴᠦ ᠤᠲᠤ 《ᠪᠤᠭᠤᠷᠤᠯ ᠲᠡᠦᠭᠡ ᠶᠢᠨ ᠬᠦᠯᠦᠭ ᠤᠨ ᠮᠠᠬᠲᠠᠭᠤ》 ᠭᠡᠬᠦ ᠵᠦᠴᠦᠭᠡ ᠨᠢ ᠤᠷᠤᠨ ᠤ ᠲᠤᠲᠤᠨ᠎ᠠ ᠭᠠᠲᠠᠨᠠᠬᠢ ᠵᠢᠭᠤᠯᠴᠢᠯᠠᠬᠰᠠᠳ ᠤᠨ ᠠᠩᠬᠠᠷᠤᠯ ᠢ ᠲᠠᠲᠠᠭᠰᠠᠨ ᠨᠢᠬᠡᠨ ᠰᠤᠶᠤᠯ ᠤᠨ ᠲᠡᠮᠳᠡᠭ ᠪᠤᠯᠤᠬᠰᠠᠨ ᠪᠢᠯᠡ᠃ 100 ᠭᠠᠷᠤᠢ ᠠᠬᠲᠠ ᠮᠤᠷᠢ 100 ᠮᠤᠷᠢᠲᠠᠨ ᠲᠠᠢ᠂ ᠦᠨᠲᠦᠰᠦᠳᠡᠨ ᠤ ᠮᠤᠷᠢᠨ ᠮᠡᠷᠭᠡᠵᠢᠯ᠂ ᠮᠤᠷᠢᠨ ᠨᠢᠷᠤᠭᠤᠨ ᠲᠡᠭᠡᠷᠡᠬᠢ ᠼᠢᠷᠺ ᠵᠡᠷᠭᠡ ᠡᠯᠧᠮᠧᠨ᠋ᠲ ᠤᠳ ᠢ ᠠᠰᠢᠬᠯᠠᠵᠦ᠂ ᠲᠠᠭᠤ ᠭᠡᠷᠡᠯ ᠴᠠᠬᠢᠯᠭᠠᠨ ᠤ ᠮᠡᠷᠭᠡᠵᠢᠯ ᠢᠶᠠᠷ ᠮᠤᠩᠭᠤᠯ ᠬᠦᠮᠦᠨ ᠪᠠ ᠮᠤᠩᠭᠤᠯ ᠮᠤᠷᠢ ᠶᠢᠨ ᠬᠠᠮᠲᠦ ᠪᠠᠷ ᠦᠰᠦᠨ ᠪᠤᠶᠢᠵᠢᠬᠰᠠᠨ ᠦᠯᠢᠬᠡᠷ ᠢ ᠢᠯᠡᠷᠡᠬᠦᠯᠦᠭᠰᠡᠨ ᠡᠨᠡ ᠬᠦ ᠪᠦᠲᠦᠭᠡᠯ ᠨᠢ 2014 ᠤᠨ ᠳᠤ ᠡᠬᠢᠯᠡᠵᠦ ᠲᠤᠭᠯᠠᠭᠰᠠᠨ ᠠᠴᠠ ᠪᠠᠨ ᠨᠠᠭᠠᠰᠢ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠤᠬᠰᠠᠨ ᠪᠢᠯᠡ᠃

ᠮᠤᠩᠭᠤᠯ ᠦᠨᠲᠦᠰᠦᠳᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠲᠦᠷᠦᠯ ᠵᠦᠢᠯ ᠪᠤᠯᠤᠬᠰᠠᠨ ᠤ ᠬᠤᠪᠢ ᠳᠤ ᠲᠤᠭᠯᠠᠯᠲᠠ ᠶᠢᠨ ᠮᠤᠷᠢᠨ ᠮᠡᠷᠭᠡᠵᠢᠯ ᠨᠢ ᠤᠲᠤ ᠼᠢᠷᠺ᠂ ᠭᠢᠮᠨᠠᠰᠲ᠋ᠢᠺ ᠵᠡᠷᠭᠡ ᠤᠯᠠᠨ ᠬᠡᠯᠪᠡᠷᠢ ᠲᠠᠢ ᠤᠶᠠᠯᠲᠤᠨ ᠬᠦᠭᠵᠢᠭᠰᠡᠨ ᠪᠠᠶᠢᠨ᠎ᠠ᠃ ᠤᠯᠠᠨ ᠵᠢᠯ ᠤᠨ ᠲᠤᠷᠰᠢ ᠮᠠᠨ ᠤ ᠤᠷᠤᠨ ᠤ ᠮᠤᠷᠢᠨ ᠮᠡᠷᠬᠡᠵᠢᠯ ᠤᠨ ᠲᠤᠭᠯᠠᠯᠲᠠ ᠶᠢᠨ ᠠᠩᠭᠢ ᠨᠢ ᠪᠦᠬᠦ ᠤᠯᠤᠰ ᠪᠠ ᠤᠷᠤᠨ ᠤ ᠲᠤᠲᠤᠷᠠᠬᠢ ᠡᠯ᠎ᠡ ᠲᠦᠷᠦᠯ ᠤᠨ ᠮᠤᠷᠢᠨ ᠮᠡᠷᠭᠡᠵᠢᠯ ᠤᠨ ᠨᠠᠶᠢᠷ᠂ ᠨᠠᠭᠠᠲᠤᠮ᠂ ᠤᠷᠤᠯᠲᠤᠭᠠᠨ ᠵᠡᠷᠭᠡ ᠳᠤ 200 ᠭᠠᠷᠤᠢ ᠲᠠᠯᠠᠪᠠᠢ ᠲᠤᠭᠯᠠᠯᠲᠠ ᠭᠠᠷᠭᠠᠵᠦ᠂ ᠵᠢᠷᠭᠤᠲᠤᠭᠠᠷ᠂ ᠲᠤᠯᠤᠲᠤᠭᠠᠷ᠂ ᠨᠠᠢᠮᠠᠲᠤᠭᠠᠷ᠂ ᠶᠢᠰᠦᠲᠦᠭᠡᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠦ ᠦᠨᠲᠦᠰᠦᠳᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠷ ᠮᠤᠷᠢᠨ ᠮᠡᠷᠭᠡᠵᠢᠯ ᠤᠨ ᠲᠤᠭᠯᠠᠯᠲᠠ ᠶᠢᠨ ᠨᠢᠬᠡᠲᠦᠭᠡᠷ ᠲᠡᠰ ᠤᠨ ᠱᠠᠩᠨᠠᠯ ᠢ ᠬᠦᠷᠳᠡᠭᠰᠡᠨ ᠪᠠᠶᠢᠨ᠎ᠠ᠃

ᠰᠢᠨ᠎ᠡ ᠵᠠᠭᠤᠨ ᠳᠤ ᠤᠷᠤᠭᠰᠠᠨ ᠠᠴᠠ ᠨᠠᠭᠠᠰᠢ᠂ ᠠᠲᠤᠭᠤᠨ ᠤ ᠠᠵᠦ ᠦᠢᠯᠡᠰ ᠨᠢ ᠨᠢᠭᠡᠨᠳᠡ ᠮᠠᠨ ᠤ ᠤᠷᠤᠨ ᠤ ᠨᠢᠬᠡᠲᠦᠭᠡᠷ᠂ ᠬᠤᠶᠠᠲᠤᠭᠠᠷ᠂ ᠭᠤᠷᠪᠠᠲᠤᠭᠠᠷ ᠠᠵᠦ ᠦᠢᠯᠡᠰ ᠤᠨ ᠠᠭᠤᠰᠤᠯᠴᠠᠯ ᠬᠦᠭᠵᠢᠯ ᠤᠨ ᠴᠢᠬᠤᠯᠠ ᠬᠦᠳᠡᠯᠭᠡᠭᠴᠢ ᠬᠦᠴᠦᠨ ᠪᠤᠯᠤᠬᠰᠠᠨ ᠪᠠᠶᠢᠨ᠎ᠠ᠃ ᠨᠡᠩ ᠴᠦ ᠮᠤᠷᠢᠨ ᠮᠡᠷᠭᠡᠵᠢᠯ ᠤᠨ ᠪᠡᠶ᠎ᠡ ᠶᠢᠨ ᠲᠠᠮᠢᠷ ᠨᠢ ᠬᠢᠷᠢ ᠲᠦᠪᠰᠢᠨ ᠢᠶᠠᠷ ᠢᠶᠠᠨ ᠨᠢ ᠤᠯᠤᠰ ᠤᠨ ᠲᠤᠲᠤᠭᠠᠲᠦ ᠳᠤ ᠬᠤᠰᠢᠭᠤᠷᠠᠵᠦ᠂ ᠵᠢᠯ ᠪᠦᠷᠢ ᠤᠯᠤᠰ ᠤᠨ ᠲᠤᠲᠤᠨ᠎ᠠ ᠭᠠᠲᠠᠨᠠᠬᠢ ᠡᠯ᠎ᠡ ᠲᠦᠷᠦᠯ ᠤᠨ ᠮᠤᠷᠢᠨ ᠮᠡᠷᠭᠡᠵᠢᠯ ᠤᠨ ᠤᠷᠤᠯᠲᠤᠭᠠᠨ ᠢ 600 ᠭᠠᠷᠤᠢ ᠲᠠᠯᠠᠪᠤᠷ ᠵᠤᠬᠢᠶᠠᠨ ᠪᠠᠶᠢᠭᠤᠯᠵᠦ᠂ ᠮᠤᠷᠢᠨ ᠮᠡᠷᠭᠡᠵᠢᠯ ᠤᠨ ᠪᠤᠯᠪᠠᠰᠤᠷᠠᠯ ᠪᠠ ᠮᠤᠷᠢ ᠤᠨᠤᠵᠦ ᠪᠡᠶᠡᠴᠢᠯᠡᠨ ᠤᠢᠢᠯᠠᠭᠠᠬᠤ ᠳᠤ ᠤᠷᠤᠯᠴᠠᠵᠦ ᠪᠠᠶᠢᠭ᠎ᠠ ᠵᠠᠯᠠᠭᠤᠴᠤᠳ ᠪᠠᠭᠠᠴᠤᠳ ᠵᠢᠯ ᠪᠦᠷᠢ 1 ᠲᠦᠮᠡᠨ ᠬᠦᠮᠦᠨ ᠢ ᠲᠠᠪᠠᠵᠦ ᠪᠠᠶᠢᠨ᠎ᠠ᠃

ᠡᠬᠦᠨ ᠤ ᠬᠠᠮᠲᠦ ᠮᠠᠨ ᠤ ᠤᠷᠤᠨ ᠤ ᠠᠲᠤᠭᠤᠨ ᠤ ᠠᠵᠦ ᠦᠢᠯᠡᠰ ᠤᠨ ᠵᠠᠬ᠎ᠠ ᠲᠡᠯᠭᠡᠬᠦᠷ ᠡᠬᠢᠯᠡᠨ ᠨᠡᠭᠡᠭᠡᠭᠳᠡᠵᠦ᠂ ᠬᠦᠭᠵᠢᠯᠳᠡ ᠶᠢᠨ ᠨᠦᠬᠡᠴᠡ ᠬᠦᠴᠦᠨ ᠲᠠᠢ ᠠᠵᠦ ᠦᠢᠯᠡᠰ ᠤᠨ ᠨᠢᠬᠡ ᠪᠤᠯᠵᠦ ᠪᠠᠶᠢᠨ᠎ᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ