7 ᠰᠠᠷ᠎ᠠ ᠶᠢᠨ 20 ᠠᠴᠠ 21 ᠤ ᠡᠳᠤᠷ ᠪᠤᠯᠳᠠᠯ᠎ᠠ᠂ ᠳᠤᠮᠳᠠᠳᠤ ᠤᠯᠤᠰ · ᠦᠪᠦᠷ ᠮᠤᠩᠭᠤᠯ ᠤᠨ ᠮᠤᠷᠢᠨ ᠤᠷᠤᠯᠳᠤᠭᠠᠨ ᠵᠢᠴᠢ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠤᠨ ᠰᠢᠷᠢᠰ ᠠᠵᠢᠯᠯᠠᠭ᠎ᠠ ᠶᠢᠨ ᠨᠢᠭᠡ ᠪᠤᠯᠬᠤ ᠪᠦᠬᠦ ᠤᠯᠤᠰ ᠤᠨ ᠮᠤᠷᠢᠨ ᠮᠡᠷᠭᠡᠵᠢᠯ ᠤᠨ ᠰᠠᠭᠠᠳ ᠳᠠᠪᠠᠭ᠋ᠤ ᠤᠷᠤᠯᠳᠤᠭᠠᠨ ᠤ ᠵᠠᠯᠠᠭᠤᠴᠤᠳ ᠪᠠᠭᠠᠴᠤᠳ ᠤᠨ ᠱᠠᠩᠨᠠᠯᠳᠤ ᠤᠷᠤᠯᠳᠤᠭᠠᠨ ᠦᠪᠦᠷ ᠮᠤᠩᠭᠤᠯ ᠤᠨ ᠮᠤᠷᠢᠨ ᠮᠡᠷᠭᠡᠵᠢᠯ ᠤᠨ ᠤᠷᠳᠤᠨ ᠳᠤ ᠶᠠᠪᠤᠭᠳᠠᠪᠠ᠃ 

ᠲᠤᠰ ᠤᠷᠤᠯᠳᠤᠭᠠᠨ ᠢ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠨᠡᠶᠢᠬᠡᠮᠯᠢᠭ ᠭᠤᠤᠯᠯᠠᠨ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠲᠤᠪᠴᠢᠶ᠎ᠠ ᠳᠠᠭᠠᠭᠠᠴᠢᠯᠠᠨ ᠡᠷᠬᠢᠯᠡᠵᠤ᠂ ᠪᠦᠬᠦ ᠤᠯᠤᠰ ᠤᠨ ᠡᠯ᠎ᠡ ᠭᠠᠵᠠᠷ ᠤᠷᠤᠨ ᠠᠴᠠ ᠬᠦᠷᠦᠯᠴᠡᠨ ᠢᠷᠡᠭᠰᠡᠨ 20 ᠮᠤᠷᠢᠨ ᠮᠡᠷᠭᠡᠵᠢᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ ᠨᠢ ᠵᠠᠯᠠᠭᠤᠴᠤᠳ ᠤᠨ A ᠲᠤᠭᠤᠢᠢᠯᠠᠩ ᠤᠨ 1.25 ᠮᠧᠲᠷ ᠤᠨ ᠤᠷᠤᠯᠳᠤᠭᠠᠨ᠂ ᠵᠠᠯᠠᠭᠤᠴᠤᠳ ᠤᠨ B ᠲᠤᠭᠤᠢᠢᠯᠠᠩ ᠤᠨ 1.10 ᠮᠧᠲᠷ ᠤᠨ ᠤᠷᠤᠯᠳᠤᠭᠠᠨ᠂ ᠪᠠᠭᠠᠴᠤᠳ ᠤᠨ A ᠲᠤᠭᠤᠢᠢᠯᠠᠩ ᠤᠨ 1.10 ᠮᠧᠲᠷ ᠤᠨ ᠤᠷᠤᠯᠳᠤᠭᠠᠨ᠂ ᠪᠠᠭᠠᠴᠤᠳ ᠤᠨ B ᠲᠤᠭᠤᠢᠢᠯᠠᠩ ᠤᠨ 0.90 ᠮᠧᠲᠷ ᠤᠨ ᠤᠷᠤᠯᠳᠤᠭᠠᠨ ᠬᠡᠵᠤ ᠬᠤᠪᠢᠶᠠᠨ ᠶᠠᠪᠤᠭᠳᠠᠵᠠᠢ᠃ ᠪᠦᠬᠦ ᠤᠯᠤᠰ ᠤᠨ ᠮᠤᠷᠢᠨ ᠮᠡᠷᠭᠡᠵᠢᠯ ᠤᠨ ᠰᠠᠭᠠᠳ ᠳᠠᠪᠠᠭ᠋ᠤ ᠤᠷᠤᠯᠳᠤᠭᠠᠨ ᠤ ᠵᠠᠯᠠᠭᠤᠴᠤᠳ ᠪᠠᠭᠠᠴᠤᠳ ᠤᠨ ᠱᠠᠩᠨᠠᠯᠳᠤ ᠤᠷᠤᠯᠳᠤᠭᠠᠨ ᠪᠤᠯ ᠡᠨᠡ ᠵᠢᠯ ᠤᠨ ᠤᠯᠤᠰ ᠤᠨ ᠳᠤᠳᠤᠭᠠᠳᠤ ᠳᠠᠬᠢ ᠬᠠᠮᠤᠭ ᠤᠨ ᠶᠡᠭᠡ ᠨᠦᠯᠦᠭᠡᠯᠡᠬᠦ ᠬᠦᠴᠦᠨ ᠪᠦᠬᠦᠢ ᠮᠤᠷᠢᠨ ᠮᠡᠷᠭᠡᠵᠢᠯ ᠤᠨ ᠤᠷᠤᠯᠳᠤᠭᠠᠨ ᠪᠠᠶᠢᠵᠤ᠂ ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ ᠤᠨ ᠬᠤᠭᠤᠴᠠᠭᠠᠨ ᠳᠤ ᠤᠷᠢᠵᠤ ᠵᠠᠯᠠᠭᠰᠠᠨ ᠤᠯᠤᠰ ᠤᠨ ᠳᠡᠰ ᠤᠨ ᠤᠷᠤᠯᠳᠤᠭᠠᠨ ᠪᠤᠯᠬᠤ ᠶᠤᠮ᠃ 

ᠤᠢᠢᠷ᠎ᠡ ᠶᠢᠨ ᠵᠢᠯ ᠳᠤ ᠦᠪᠦᠷ ᠮᠤᠩᠭᠤᠯ ᠤᠨ ᠮᠤᠷᠢᠨ ᠮᠡᠷᠭᠡᠵᠢᠯ ᠤᠨ ᠨᠡᠶᠢᠬᠡᠮᠯᠢᠭ ᠵᠠᠯᠠᠭᠤᠴᠤᠳ ᠪᠠᠭᠠᠴᠤᠳ ᠤᠨ ᠮᠤᠷᠢᠨ ᠮᠡᠷᠭᠡᠵᠢᠯ ᠤᠨ ᠰᠢᠷᠢᠰ ᠠᠵᠢᠯᠯᠠᠭ᠎ᠠ 《ᠲᠦᠮᠡᠨ ᠪᠠᠭᠠᠴᠤᠳ ᠮᠤᠷᠢᠨ ᠨᠢᠷᠤᠭᠤᠨ ᠳᠡᠭᠡᠷ᠎ᠡ》 ᠬᠡᠬᠦ ᠤᠨᠴᠠᠯᠢᠭᠳᠤ ᠳᠠᠮᠢᠷ ᠤᠨ ᠬᠢᠴᠢᠶᠡᠯ᠂ 《ᠮᠤᠷᠢᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ》 ᠵᠡᠷᠭᠡ ᠠᠵᠢᠯᠯᠠᠭ᠎ᠠ ᠶᠢ ᠢᠳᠡᠪᠬᠢᠳᠠᠢ ᠡᠷᠬᠢᠯᠡᠨ ᠶᠠᠪᠤᠭᠳᠠᠭᠤᠯᠵᠤ᠂ ᠡᠨᠡ ᠵᠢᠯ ᠤᠨ 8 ᠰᠠᠷ᠎ᠠ ᠳᠤ ᠪᠠᠰᠠ 《ᠦᠪᠦᠷ ᠮᠤᠩᠭᠤᠯ ᠤᠨ ᠵᠠᠯᠠᠭᠤᠴᠤᠳ ᠪᠠᠭᠠᠴᠤᠳ ᠤᠨ ᠮᠤᠷᠢᠨ ᠮᠡᠷᠭᠡᠵᠢᠯ ᠤᠨ ᠰᠤᠯᠢᠯᠴᠠᠭᠠᠨ ᠤ ᠠᠵᠢᠯᠯᠠᠭ᠎ᠠ》᠂ 《ᠦᠪᠦᠷ ᠮᠤᠩᠭᠤᠯ ᠤᠨ ᠵᠠᠯᠠᠭᠤᠴᠤᠳ ᠪᠠᠭᠠᠴᠤᠳ ᠤᠨ ᠮᠤᠷᠢᠨ ᠮᠡᠷᠭᠡᠵᠢᠯ ᠤᠨ ᠰᠠᠭᠠᠳ ᠳᠠᠪᠠᠭ᠋ᠤ ᠤᠷᠢᠯᠭ᠎ᠠ ᠶᠢᠨ ᠤᠷᠤᠯᠳᠤᠭᠠᠨ》 ᠢ ᠶᠠᠪᠤᠭᠳᠠᠭᠤᠯᠬᠤ ᠪᠠᠷ   ᠪᠤᠢ᠃( ᠪᠤᠤ ᠰᠠᠷᠠᠭᠤᠯ)

ᠢᠷᠡᠯᠳᠡ : 

 ᠦᠪᠦᠷ ᠮᠤᠩᠭᠤᠯ ᠤᠨ ᠡᠳᠦᠢ ᠤᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ