3c6967d5-c1b3-42d7-adb3-550f76bbb14f.jpg

7 ᠰᠠᠷ᠎ᠠ ᠶᠢᠨ 25 ᠤ ᠡᠳᠦᠷ᠂ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷ ᠲᠠᠮᠵᠢᠭᠤᠯᠬᠤ ᠪᠤᠭᠤᠲᠤ ᠦᠷᠳᠡᠭᠡ ᠳᠠᠬᠢ ᠶᠤᠰᠤᠯᠠᠯ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠦ᠂ ᠭᠠᠯ ᠪᠠᠮᠪᠠᠷ ᠢ ᠠᠰᠠᠭᠠᠭᠰᠠᠨ ᠪᠠᠶᠢᠨ᠎ᠠ᠃ 

ᠭᠠᠯ ᠪᠠᠮᠪᠠᠷ ᠲᠠᠮᠵᠢᠭᠤᠯᠬᠤ ᠶᠤᠰᠤᠯᠠᠯ ᠨᠢ ᠰᠦᠷ ᠲᠠᠯᠠᠶᠢᠴᠠᠳᠠᠢ ᠤᠯᠤᠰ ᠤᠨ ᠲᠤᠭ ᠮᠠᠨᠳᠤᠭᠤᠯᠬᠤ ᠲᠤᠮᠳᠠ ᠡᠬᠢᠯᠡᠪᠡ᠃ ᠲᠠᠷᠠᠭ᠎ᠠ ᠨᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷ ᠢ ᠲᠠᠮᠵᠢᠭᠤᠯᠬᠤ ᠠᠷᠢᠭᠤᠨ ᠭᠠᠯ ᠲᠠᠯᠠᠪᠠᠢ ᠳᠤ ᠤᠷᠤᠵᠦ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠤᠳᠤᠷᠢᠳᠤᠯᠭ᠎ᠠ ᠠᠷᠢᠭᠤᠨ ᠭᠠᠯ ᠠᠴᠠ ᠴᠤᠭ ᠠᠪᠴᠦ ᠲᠤᠬᠠᠢ ᠶᠢᠨ ᠲᠠᠯᠠᠪᠤᠷ ᠲᠠᠬᠢ ᠠᠷᠢᠭᠤᠨ ᠭᠠᠯ ᠤᠨ ᠫᠧᠩᠰᠠ ᠶᠢ ᠨᠤᠴᠤᠭᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠠᠩᠬᠠᠨ ᠤ ᠭᠠᠯ ᠪᠠᠮᠪᠠᠷ ᠢ ᠨᠤᠴᠤᠭᠠᠨ᠂ ᠭᠠᠯ ᠪᠠᠮᠪᠠᠷ ᠲᠠᠮᠵᠢᠭᠤᠯᠤᠬᠴᠢ ᠳᠤ ᠭᠠᠷᠳᠠᠭᠤᠯᠵᠦ᠂ ᠭᠠᠯ ᠪᠠᠮᠪᠠᠷ ᠲᠠᠮᠵᠢᠭᠤᠯᠬᠤ ᠶᠢ ᠵᠠᠷᠯᠠᠬᠰᠠᠨ ᠪᠠᠶᠢᠨ᠎ᠠ᠃

ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷ ᠲᠠᠮᠵᠢᠭᠤᠯᠬᠤ ᠪᠤᠭᠤᠲᠤ ᠦᠷᠳᠡᠭᠡ ᠶᠢᠨ ᠠᠩᠬᠠᠨ ᠤ ᠭᠠᠯ ᠪᠠᠮᠪᠠᠷ ᠲᠠᠮᠵᠢᠭᠤᠯᠤᠬᠴᠢ ᠪᠤᠯ ᠮᠠᠨ ᠤ ᠤᠯᠤᠰ ᠤᠨ ᠪᠡᠭᠡᠵᠢᠩ ᠤᠨ ᠮᠠᠷᠠᠽᠤᠨ ᠤ ᠤᠤᠭᠠᠨ ᠮᠠᠩᠯᠠᠢ ᠪᠤᠯᠬᠤ ᠪᠤᠭᠤᠲᠤ ᠨᠤᠳᠤᠭ ᠲᠠᠢ ᠨᠡᠷᠡᠳᠤ ᠲᠡᠮᠢᠷᠴᠢᠨ᠂ ᠦᠪᠡᠷᠳᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ ᠶᠢᠨ ᠠᠵᠢᠯᠳᠠᠨ ᠬᠤ᠋ ᠭᠠᠩ ᠵᠢᠶᠦ᠋ᠨ ᠪᠤᠯᠤᠨ᠎ᠠ᠃ ᠲᠡᠭᠦᠨ ᠤ ᠲᠠᠷᠠᠭ᠎ᠠ ᠵᠡᠮᠳᠡᠭᠴᠤᠳ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠠᠪᠤᠷᠭᠤ ᠪᠢᠶᠠᠨ ᠵᠢᠶᠠᠨ ᠰᠢᠨ᠂ ᠶᠡᠭᠡ ᠬᠦᠷᠦᠨ ᠤ ᠤᠷᠠᠨ ᠲᠠᠷᠬᠠᠨ ᠯᠦ ᠷᠧᠨ ᠹᠧᠩ ᠵᠡᠷᠭᠡ ᠪᠤᠭᠤᠳᠤ ᠬᠤᠳᠠ ᠶᠢᠨ ᠡᠯ᠎ᠠ ᠠᠵᠢᠯ ᠲᠦᠷᠦᠯ ᠠᠴᠠ ᠢᠷᠡᠭᠰᠡᠨ 28 ᠭᠠᠯ ᠪᠠᠮᠪᠠᠷ ᠲᠠᠮᠵᠢᠭᠤᠯᠤᠬᠴᠢ ᠤᠷᠬᠢᠯᠤᠮ᠎ᠠ ᠬᠠᠯᠠᠭᠤᠨ ᠰᠡᠳᠬᠢᠯᠭᠡ ᠪᠠᠷ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷ ᠢ ᠲᠠᠮᠵᠢᠭᠤᠯᠵᠤ᠂ ᠲᠠᠷᠠᠭ᠎ᠠ ᠵᠢᠯ ᠮᠠᠨ ᠤ ᠤᠷᠤᠨ ᠳᠤ ᠶᠠᠪᠤᠬᠳᠠᠬᠤ ᠪᠠᠷ ᠪᠠᠶᠢᠭ᠎ᠠ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠦᠪᠡᠳᠡᠭᠰᠢ ᠴᠤᠬᠯᠠᠭᠠᠨ ᠳᠤ ᠬᠦᠨᠳᠤᠳᠬᠡᠯ ᠤᠨ ᠰᠡᠳᠬᠢᠯᠭᠡ ᠪᠠᠨ ᠢᠯᠡᠳᠬᠡᠵᠦ ᠪᠠᠶᠢᠯ᠎ᠠ᠃ ᠬᠠᠮᠤᠭ ᠰᠡᠭᠦᠯ ᠤᠨ ᠭᠠᠯ ᠪᠠᠮᠪᠠᠷ ᠲᠠᠮᠵᠢᠭᠤᠯᠤᠬᠴᠢ ᠪᠤᠯ ᠮᠠᠨ ᠤ ᠤᠯᠤᠰ ᠤᠨ ᠡᠮᠡᠭᠳᠠᠢ ᠶᠢᠨ ᠪᠤᠤᠺᠰ ᠤᠨ ᠲᠡᠯᠡᠭᠡᠢ ᠶᠢᠨ ᠠᠪᠤᠷᠭᠤ ᠶᠠᠩ ᠰᠢᠶᠤᠤ ᠯᠢ ᠪᠠᠶᠢᠵᠦ᠂ ᠲᠠᠯ᠎ᠠ ᠨᠤᠳᠤᠭ ᠤᠨ ᠪᠤᠯᠤᠳ ᠬᠤᠳᠠ ᠢᠩᠬᠢᠵᠦ ᠭᠠᠯ ᠪᠠᠮᠪᠠᠷ ᠢᠶᠠᠷ ᠡᠬᠡ ᠤᠯᠤᠰ ᠤᠨ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ‍ᠦᠪᠡᠳᠡᠭᠰᠢ ᠴᠤᠬᠯᠠᠭᠠᠨ ᠲᠠᠢ ᠬᠤᠯᠪᠤᠯᠳᠤᠨ᠂ ᠮᠦᠨ 2022 ᠤᠨ ᠳᠤ ᠪᠡᠭᠡᠵᠢᠩ ᠳᠤ ᠪᠤᠯᠬᠤ ᠬᠡᠵᠦ ᠪᠠᠶᠢᠭ᠎ᠠ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠡᠷᠬᠢᠮ ᠨᠠᠨᠳᠢᠨ ᠬᠦᠰᠡᠯ ᠵᠦᠩᠨᠡᠯ ᠢᠶᠠᠨ ᠲᠠᠪᠰᠢᠬᠦᠯᠥᠭᠰᠡᠨ ᠪᠠᠶᠢᠯ᠎ᠠ᠃(ᠸ • ᠭᠡᠷᠡᠯᠳᠤ)


ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ